| | ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠵᠢᠯ ᠳᠤ | ᠬᠦᠴᠦᠨ ᠨᠡᠮᠡᠷᠢᠯᠡᠬᠦ ᠶᠢᠨ ᠲᠥᠯᠥᠭᠡ᠂ 1 ᠰᠠᠷ᠎ᠠ ᠶᠢᠨ 14 ᠤ ᠡᠳᠦᠷ᠂ ᠤᠲᠠᠴᠢ ᠮᠣᠩᠭᠤᠯ ᠡᠮ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠰᠢᠨ᠎ᠡ ᠬᠤᠲᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠡᠮᠴᠢᠯᠡᠭᠡ ᠬᠦᠷᠭᠡᠨ ᠡᠮ ᠬᠦᠷᠭᠡᠵᠦ ᠡᠷᠡᠭᠦᠯ ᠮᠡᠨᠳᠦ ᠬᠦᠷᠭᠡᠬᠦ ᠠᠵᠢᠯᠯᠠᠭ᠎ᠠ ᠥᠷᠨᠢᠭᠦᠯᠪᠡ | ᠃ ᠤᠲᠠᠴᠢ ᠮᠣᠩᠭᠤᠯ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ | ᠹᠦ᠋ ᡁᠢ ᠮᠢᠨ᠂ ᠳᠡᠳ᠋ ᠱᠦᠵᠢ ᠵᠠᠩ ᠠᠢ ᠮᠢᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ ᠦ᠋ ᠶᠠ ᠨᠠᠨ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠤᠷᠢᠶᠠᠨ ᠳᠠᠷᠤᠭ᠎ᠠ ᠯᠢᠦ ᠢᠦᠢ | ᠸᠧᠢ᠂ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠢᠦᠢ ᠬᠤᠢ ᠶᠢᠩ᠂ ᠨᠠᠮ ᠤᠯᠠᠨ ᠲᠦᠮᠡᠨ ᠤ ᠠᠵᠢᠯ ᠤᠨ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠱᠤᠤ ᠶᠠᠨ᠂ ᠪᠠᠢ ᠸᠠᠩ ᠤᠨ ᠨᠢᠭᠡᠳᠦᠭᠡᠷ ᠱᠦᠵᠢ ᠸᠠᠩ ᠪᠥᠸᠧ | ᠠᠵᠢᠯᠯᠠᠭ᠎ᠠ ᠳᠤ ᠣᠷᠣᠯᠴᠠᠪᠠ᠃ | | | | | ᠠᠵᠢᠯᠯᠠᠭ᠎ᠠ ᠳᠤ᠂ ᠤᠲᠠᠴᠢ ᠮᠣᠩᠭᠤᠯ ᠡᠮᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠨᠢ ᠠᠷᠪᠠᠨ | ᠵᠢᠷᠭᠤᠭᠠᠨ ᠵᠦᠢᠯ ᠤᠨ ᠡᠮ ᠬᠠᠨᠳᠢᠪᠯᠠᠵᠤ᠂ ᠲᠦᠮᠡ ᠭᠠᠷᠤᠢ ᠲᠥᠭᠦᠷᠢᠭ ᠤᠨ ᠦᠨ᠎ᠡ ᠥᠷᠲᠡᠭ ᠲᠠᠢ ᠪᠠᠶᠢᠵᠤ᠂ | ᠬᠠᠷᠢᠶ᠎ᠠ ᠣᠷᠣᠨ ᠤ ᠣᠯᠠᠨ ᠲᠦᠮᠡᠨ ᠳᠤ ᠡᠷᠡᠭᠦᠯ ᠮᠡᠨᠳᠦ ᠪᠠ ᠬᠠᠶᠢᠷ᠎ᠠ ᠬᠠᠯᠠᠮᠵᠢ ᠬᠦᠷᠭᠡᠵᠦ᠂ ᠦᠨᠳᠦᠰᠦᠲᠡᠨ ᠤ ᠠᠵᠤ | ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃ ᠤᠲᠠᠴᠢ ᠮᠣᠩᠭᠤᠯ ᠡᠮ ᠨᠢ ᠡᠮ ᠡᠮᠨᠡᠯᠭᠡ ᠶᠢᠨ | ᠬᠦᠷᠢᠶᠡᠨ ᠳᠤ ᠣᠯᠠᠨ ᠵᠢᠯ ᠭᠦᠨ ᠰᠠᠭᠤᠷᠢᠯᠠᠭᠰᠠᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠣᠰ ᠤᠳᠠᠭ᠎ᠠ | ᠰᠢᠨ᠎ᠡ ᠬᠤᠲᠠ ᠵᠡᠭᠡᠯᠢ ᠳᠤ ᠡᠮ ᠬᠠᠨᠳᠢᠪᠯᠠᠭᠰᠠᠨ ᠨᠢ ᠰᠢᠨ᠎ᠡ ᠬᠤᠲᠠ ᠵᠡᠭᠡᠯᠢ ᠶᠢᠨ ᠰᠠᠭᠤᠭᠠᠯᠢ ᠠᠷᠠᠳ ᠤᠨ ᠡᠷᠡᠭᠦᠯ | ᠮᠡᠨᠳᠦ ᠶᠢ ᠴᠢᠬᠤᠯᠠᠴᠢᠯᠠᠵᠤ ᠪᠠᠶᠢᠬᠤ ᠪᠠᠷ ᠪᠠᠷᠠᠬᠤ ᠥᠬᠡᠶ᠂ ᠨᠠᠩ ᠴᠤ ᠠᠵᠤ ᠠᠬᠤᠶᠢᠯᠠᠯ ᠤᠨ ᠨᠡᠶᠢᠭᠡᠮ ᠳᠤ ᠠᠴᠢ | ᠬᠠᠷᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | | | | | ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠢᠦᠶ ᠬᠤᠶ ᠶᠢᠩ᠄ ︽ | ᠤᠲᠠᠴᠢ ᠮᠣᠩᠭᠤᠯ ᠡᠮ ᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠪᠡᠯᠡᠭᠯᠡᠨ ᠬᠦᠷᠭᠡᠭᠰᠡᠨ ᠡᠮ ᠤᠨ | ᠵᠦᠢᠯᠡᠰ ᠨᠢ ᠮᠠᠨ ᠤ ᠵᠡᠭᠡᠯᠢ ᠭᠤᠳᠤᠮᠵᠢ ᠶᠢᠨ ᠠᠵᠢᠯ ᠢ ᠳᠡᠮᠵᠢᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠣᠯᠠᠨ | ᠲᠦᠮᠡᠨ ᠤ ᠡᠷᠡᠭᠦᠯ ᠮᠡᠨᠳᠦ ᠳᠤ ᠬᠦᠴᠦᠲᠡᠶ ᠪᠠᠲᠤᠯᠠᠭ᠎ᠠ ᠬᠠᠯᠭᠠᠵᠤ ᠪᠠᠶᠢᠭ᠎ᠠ ᠶᠤᠮ᠃ ᠪᠢᠳᠡ ᠡᠪᠡᠳᠴᠢᠲᠡᠨ ᠤ ᠪᠣᠳᠠᠲᠠᠶ | ᠬᠡᠷᠡᠭᠴᠡᠭᠡ ᠶᠣᠰᠣᠭᠠᠷ ᠡᠮ ᠬᠤᠪᠢᠶᠠᠵᠤ᠂ ᠡᠨᠡᠬᠦ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠨᠡᠨ ᠬᠦ | ᠪᠣᠳᠠᠲᠠᠶ ᠳᠤ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠬᠠᠮᠤᠭ ᠤᠨ ᠶᠡᠭᠡ ᠦᠢᠯᠡᠳᠦᠯ ᠢ ᠪᠠᠳᠠᠷᠠᠭᠤᠯᠤᠨ᠎ᠠ︾ | ᠭᠡᠵᠦ ᠬᠡᠯᠡᠪᠡ᠃ | | |