| 1 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠤ ᠰᠤᠷᠭᠠᠨ | ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠸᠧᠢ ᠭᠦᠸᠧ ᠨᠡᠷ | ᠮᠠᠨ ᠤ ᠠᠶᠢᠮᠠᠭ ᠲᠤ ᠢᠷᠡᠵᠦ ᠰᠢᠨᠵᠢᠯᠡᠨ ᠪᠠᠶᠢᠴᠠᠭᠠᠵᠤ᠂ ︽ᠭᠡᠷ ᠪᠦᠯᠢ ᠰᠤᠷᠭᠠᠭᠤᠯᠢ ᠬᠠᠮᠵᠢᠯᠴᠠᠨ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ︾ ᠰᠡᠳᠭᠢᠴᠡ ᠶᠢᠨ ᠡᠷᠡᠭᠦᠯ ᠮᠡᠨᠳᠤ ᠪᠠᠷ ᠭᠡᠷ ᠪᠦᠯᠢ ᠪᠠᠨ ᠰᠠᠬᠢᠨ | ᠬᠠᠮᠠᠭᠠᠯᠠᠬᠤ ᠠᠵᠢᠯᠯᠠᠭ᠎ᠠ ᠶᠢ ᠤᠷᠤᠬᠰᠢᠳᠡᠢ ᠬᠡᠷᠡᠭᠵᠢᠭᠦᠯᠭᠦ ᠶᠢ ᠲᠥᠯᠬᠢᠨ ᠠᠬᠢᠭᠤᠯᠵᠤ᠂ ᠵᠠᠯᠠᠭᠤᠴᠤᠳ | ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠤᠯᠠᠮ ᠴᠢᠨᠠᠭᠰᠢᠳᠠ ᠬᠦᠴᠦᠨ ᠨᠡᠮᠡᠷᠢᠯᠡᠪᠡ᠃ | ᠰᠢᠨᠵᠢᠯᠡᠨ ᠪᠠᠶᠢᠴᠠᠭᠠᠬᠤ ᠪᠦᠯᠬᠦᠮ ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ ᠪᠣᠯᠤᠨ ᠬᠢᠩᠭᠠᠨ ᠠᠶᠢᠮᠠᠭ ᠤᠨ ᠰᠣᠶᠣᠯ ᠤᠨ ᠲᠥᠪ ᠲᠤ ᠬᠦᠷᠴᠦ᠂ 2024 ᠣᠨ ᠤ ᠳᠤᠮᠳᠠᠳᠤ | ᠤᠯᠤᠰ ᠤᠨ ᠬᠤᠶᠢᠴᠢ ᠦᠶ᠎ᠡ ᠶᠢᠨ ᠬᠢᠨ ᠤ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠢᠩᠭᠠᠨ | ᠠᠶᠢᠮᠠᠭ ᠲᠤ ᠬᠠᠨᠳᠢᠪᠯᠠᠭᠰᠠᠨ 20 ᠲᠦᠮᠡᠨ ᠲᠥᠭᠦᠷᠢᠭ ᠪᠣᠯᠤᠨ 26 ᠲᠦᠮᠡᠨ ᠲᠥᠭᠦᠷᠢᠭ ᠤᠨ ᠦᠨ᠎ᠡ ᠦᠷᠳᠡᠭ ᠲᠠᠢ | ᠨᠣᠮ ᠪᠢᠴᠢᠭ ᠢ ᠪᠣᠳᠠᠲᠠᠶᠢᠵᠢᠭᠤᠯᠤᠭᠰᠠᠨ ᠵᠢᠴᠢ ᠲᠠᠷᠬᠠᠭᠠᠭᠰᠠᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠢᠩᠭᠠᠨ | ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠴᠠᠭᠠᠨ ᠰᠠᠷ᠎ᠠ ᠶᠢᠨ | ᠦᠳᠡᠰᠢᠯᠡᠭᠡ ᠶᠢ ᠰᠣᠨᠢᠷᠬᠠᠵᠤ᠂ ᠬᠢᠩᠭᠠᠨ ᠠᠶᠢᠮᠠᠭ ᠤᠨ ᠬᠤᠪᠢᠰᠬᠠᠯᠳᠦ ᠰᠣᠶᠣᠯ ᠤᠨ ᠠᠭᠤᠯᠬᠤᠨ ᠪᠣᠯᠤᠨ ᠰᠢᠨ᠎ᠡ | ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠴᠤᠭ ᠵᠢᠪᠬᠤᠭ᠎ᠠ ᠶᠢ ᠣᠶᠢᠯᠠᠭᠠᠪᠠ᠃ | ᠶᠠᠷᠢᠯᠴᠠᠬᠤ ᠬᠤᠷᠠᠯ ᠳᠤ᠂ ᠰᠢᠨᠵᠢᠯᠡᠨ ᠪᠠᠶᠢᠴᠠᠭᠠᠬᠤ ᠪᠦᠯᠬᠦᠮ ᠬᠢᠩᠭᠠᠨ ᠠᠶᠢᠮᠠᠭ ᠤᠨ ᠬᠤᠶᠢᠴᠢ | ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠲᠥᠯᠥᠭᠡᠯᠡᠭᠴᠢ᠂ ᠰᠤᠷᠭᠠᠨ ᠬᠥᠮᠦᠵᠢᠯ ᠤᠨ | ᠠᠵᠢᠯᠲᠠᠳ ᠤᠨ ᠲᠥᠯᠥᠭᠡᠯᠡᠭᠴᠢ ᠵᠢᠴᠢ ᠰᠤᠷᠤᠭᠴᠢᠳ ᠤᠨ ᠭᠡᠷ ᠤᠨ ᠠᠬᠠᠮᠠᠳ ᠤᠨ ᠲᠥᠯᠥᠭᠡᠯᠡᠭᠴᠢ ᠲᠠᠢ ᠬᠠᠮᠳᠦᠪᠡᠷ | ᠭᠡᠷ ᠤᠨ ᠠᠬᠠᠮᠠᠳ ᠪᠣᠯᠤᠨ ᠰᠤᠷᠭᠠᠭᠤᠯᠢ ᠬᠠᠮᠵᠢᠯᠴᠠᠨ ᠬᠥᠮᠦᠨ ᠢ ᠬᠥᠮᠦᠵᠢᠭᠦᠯᠬᠦ ᠰᠢᠨ᠎ᠡ ᠰᠡᠳᠭᠢᠴᠡ᠂ ᠰᠢᠨ᠎ᠡ | ᠠᠷᠭ᠎ᠠ ᠶᠢ ᠬᠠᠮᠲᠤᠪᠠᠷ ᠰᠤᠳᠤᠯᠤᠨ ᠶᠠᠷᠢᠯᠴᠠᠪᠠ᠃ ᠡᠯ᠎ᠡ ᠲᠠᠯ᠎ᠠ ᠶᠢᠨ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ | ᠲᠠᠯᠪᠢᠵᠤ᠂ ᠰᠠᠨᠠᠯ ᠢᠶᠠᠨ ᠭᠦᠢᠴᠡᠳ ᠰᠣᠯᠢᠯᠴᠠᠵᠤ᠂ ᠭᠡᠷ ᠤᠨ ᠠᠬᠠᠮᠠᠳ ᠪᠠ ᠰᠤᠷᠭᠠᠭᠤᠯᠢ ᠬᠠᠮᠵᠢᠯᠴᠠᠨ ᠬᠥᠮᠦᠨ ᠢ | ᠬᠥᠮᠦᠵᠢᠭᠦᠯᠬᠦ ᠶᠢ ᠬᠡᠷᠬᠢᠨ ᠨᠡᠩ ᠰᠠᠶᠢᠲᠤᠷ ᠲᠦᠯᠬᠢᠨ ᠠᠬᠢᠭᠤᠯᠬᠤ᠂ ᠨᠠᠰᠤᠨ ᠳᠤ ᠦᠯᠤ ᠬᠥᠷᠦᠭᠰᠡᠳ ᠤᠨ ᠦᠵᠡᠯ | ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠵᠥᠪᠯᠡᠬᠦ ᠰᠡᠳᠦᠪ ᠤᠨ ᠲᠤᠬᠠᠶ | ᠭᠦᠨᠵᠡᠭᠡᠶ ᠶᠠᠷᠢᠯᠴᠠᠵᠠᠢ᠃ | ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ᠪᠠᠶᠢᠩᠭᠤ ᠶᠢᠨ | ᠳᠡᠳ᠋ ᠡᠷᠬᠢᠯᠡᠭᠴᠢ ᠱᠤᠤ ᠸᠠᠨ ᠷᠦᠩ᠄ ︽ᠬᠠᠨᠳᠢᠪᠯᠠᠭᠰᠠᠨ ᠪᠡᠯᠡ ᠮᠥᠩᠭᠦ ᠪᠣᠯᠤᠨ ᠨᠣᠮ ᠪᠢᠴᠢᠭ ᠢ ᠣᠯᠤᠭᠰᠠᠨ ᠤ | ᠳᠠᠷᠠᠭ᠎ᠠ᠂ ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠩᠬᠠᠳᠤᠭᠠᠷ | ᠤᠳᠠᠭᠠᠨ ᠤ ︿ᠭᠡᠷ ᠪᠦᠯᠢ ᠰᠤᠷᠭᠠᠭᠤᠯᠢ ᠬᠠᠮᠵᠢᠯᠴᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ﹀ ᠭᠡᠷ | ᠪᠦᠯᠢ ᠶᠢᠨ ᠬᠥᠮᠦᠵᠢᠯ ᠤᠨ ᠪᠣᠯᠪᠠᠰᠤᠷᠠᠯ ᠤᠨ ᠠᠩᠬᠢ ᠶᠢ ᠠᠮᠵᠢᠯᠲᠠ ᠲᠠᠢ ᠡᠷᠬᠢᠯᠡᠵᠦ᠂ ᠪᠠᠭᠰᠢ᠂ ᠭᠡᠷ ᠤᠨ ᠠᠬᠠᠮᠠᠳ᠂ | ᠰᠤᠷᠤᠭᠴᠢᠳ ᠨᠠᠶᠢᠳᠡ 500 ᠭᠠᠷᠤᠢ ᠭᠥᠮᠥᠨ ᠣᠷᠣᠯᠴᠠᠵᠠᠢ᠃ ᠣᠶᠢᠷ᠎ᠠ ᠶᠢᠨ ᠬᠤᠭᠤᠴᠠᠭᠠᠨ ᠳᠤ᠂ ᠠᠶᠢᠮᠠᠭ ᠤᠨ | ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︿ᠬᠡᠷ ᠪᠦᠯᠢ ᠰᠤᠷᠭᠠᠭᠤᠯᠢ ᠬᠠᠮᠵᠢᠯᠴᠠᠨ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ﹀ ᠰᠡᠳᠭᠢᠴᠡ ᠶᠢᠨ ᠡᠷᠡᠭᠦᠯ ᠮᠡᠨᠳᠦ ᠪᠠᠷ ᠬᠡᠷ ᠪᠦᠯᠢ ᠪᠠᠨ ᠰᠠᠬᠢᠨ | ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠬᠥᠮᠦᠵᠢᠯ ᠪᠣᠯᠪᠠᠰᠤᠷᠠᠯ ᠢ | ᠦᠷᠭᠦᠯᠵᠢᠯᠡᠨ ᠥᠷᠨᠢᠭᠦᠯᠵᠦ᠂ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠯ ᠤᠨ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠪᠣᠯᠪᠠᠰᠤᠷᠠᠯ ᠤᠨ ᠬᠦᠷᠢᠶ᠎ᠡ ᠬᠡᠪᠴᠢᠶ᠎ᠡ ᠪᠠᠨ ᠥᠷᠭᠡᠳᠭᠡᠨ᠂ ᠡᠷᠡᠭᠦᠯ ᠡᠩᠬᠡ ᠡᠶ᠎ᠡ | ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠷᠭᠡᠨ ᠣᠯᠠᠨ | ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ᠎ᠠ︾ ᠭᠡᠵᠡᠶ᠃ ︵ᠯᠢᠤᠢ ᠪᠢᠡᠭ | ᠵᠢᠤᠸᠠᠨ︶ | | |