ᠤᠯᠠᠭᠠᠨᠬᠤᠳᠠ ᠨᠡᠶᠢᠭᠡᠮ ᠲᠤᠭᠤᠷᠢᠭ ᠤᠨ ᠪᠦᠭᠡᠮ ᠢᠶᠠᠷ ᠬᠤᠳᠠᠯᠳᠤᠨ ᠠᠪᠬᠤ ᠰᠦᠯᠵᠢᠶᠡᠨ ᠲᠡᠯᠭᠡᠬᠦᠷ ᠡᠵᠡᠩᠨᠡᠨ ᠬᠡᠷᠡᠭᠯᠡᠭᠴᠢᠳ ᠤᠨ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠳᠤ ᠲᠦᠬᠦᠮ ᠦᠵᠡᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2025/1/16
        ᠦᠷᠭᠡᠨ ᠤᠯᠠᠨ ᠰᠠᠭᠤᠭᠠᠯᠢ ᠠᠷᠠᠳ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠪᠠᠷ ᠤᠶᠢᠷ᠎ᠠ ᠶᠢᠨ ᠡᠳᠤᠷ᠂ ᠤᠯᠠᠭᠠᠨᠬᠤᠳᠠ ᠨᠡᠶᠢᠭᠡᠮ ᠲᠤᠭᠤᠷᠢᠭ ᠤᠨ ᠪᠦᠭᠡᠮ ᠢᠶᠠᠷ ᠬᠤᠳᠠᠯᠳᠤᠨ ᠠᠪᠬᠤ ᠰᠦᠯᠵᠢᠶᠡᠨ ᠲᠡᠯᠭᠡᠬᠦᠷ ᠢ ᠲᠤᠷᠰᠢᠨ ᠡᠵᠡᠩᠨᠡᠵᠤ᠂ 1 ᠰᠠᠷ᠎ᠠ ᠶᠢᠨ 22 ᠤ ᠡᠳᠤᠷ ᠠᠴᠠ ᠡᠬᠢᠯᠡᠬᠦ ᠪᠠᠷ ᠪᠤᠢ᠃ ᠬᠡᠷᠡᠭᠯᠡᠭᠴᠢᠳ ᠠᠴᠠ ᠸᠢᠴᠠᠲ ᠲᠠᠪᠴᠠᠩ ᠤᠨ ᠵᠢᠵᠢᠭ ᠫᠷᠤᠭ᠍ᠷᠡᠮ ᠠᠴᠠ ᠡᠳ᠋ ᠪᠠᠷᠠᠭ᠎ᠠ ᠬᠤᠳᠠᠯᠳᠤᠨ ᠠᠪᠤᠪᠠᠯ᠂ ᠲᠠᠷᠠᠭ᠎ᠠ ᠡᠳᠤᠷ ᠡᠳ᠋ ᠪᠠᠷᠠᠭ᠎ᠠ ᠪᠠᠨ ᠬᠤᠷᠢᠶᠠᠨ ᠤᠯᠵᠤ᠂ ᠬᠠᠮᠤᠭ ᠤᠬᠤᠷ ᠬᠤᠭᠤᠴᠠᠭᠠᠨ ᠳᠤ ᠡᠯᠪᠡᠭ ᠪᠠᠶᠠᠯᠢᠭ ᠰᠢᠨ᠎ᠠ ᠵᠢᠯ ᠤᠨ ᠪᠠᠷᠠᠭ᠎ᠠ ᠪᠠᠨ ᠪᠡᠯᠡᠳᠭᠡᠵᠤ ᠴᠢᠳᠠᠨ᠎ᠠ᠃       ᠤᠯᠠᠭᠠᠨᠬᠤᠳᠠ ᠶᠢᠨ ᠮᠸᠡᠭ ᠲᠤᠸᠠᠨ ᠲᠤᠸᠠᠨ ᠨᠡᠶᠢᠭᠡᠮ ᠲᠤᠭᠤᠷᠢᠭ ᠤᠨ ᠪᠦᠭᠡᠮ ᠢᠶᠠᠷ ᠬᠤᠳᠠᠯᠳᠤᠨ ᠠᠪᠬᠤ ᠬᠤᠳᠠᠯᠳᠤᠭᠠᠨ ᠤ ᠬᠢᠵᠠᠭᠠᠷᠳᠤ ᠺᠤᠮᠫᠠᠨᠢ ᠶᠢᠨ ᠰᠢᠭᠤᠳ ᠨᠡᠪᠳᠡᠷᠡᠬᠦᠯᠥᠭᠴᠢ ᠸᠠᠩ ᠸᠧᠨ ᠸᠧᠨ ᠲᠤᠰ ᠲᠠᠪᠴᠠᠩ ᠢᠶᠠᠷ ᠲᠠᠮᠵᠢᠨ ᠰᠢᠭᠤᠳ ᠨᠡᠪᠳᠡᠷᠡᠬᠦᠯᠭᠡ ᠬᠢᠵᠤ᠂ ᠦᠢᠯᠡᠳᠬᠦᠨ ᠤ ᠦᠢᠯᠡᠳᠪᠤᠷᠢᠯᠡᠭᠰᠡᠨ ᠭᠠᠵᠠᠷ᠂ ᠦᠨᠤᠷ ᠠᠮᠳᠠ᠂ ᠨᠠᠶᠢᠷᠠᠭᠤᠯᠤᠭᠰᠠᠨ ᠮᠠᠲ᠋ᠧᠷᠢᠶᠠᠯ᠂ ᠰᠢᠮ᠎ᠠ ᠲᠡᠵᠢᠭᠡᠯ ᠤᠨ ᠦᠷᠳᠡᠭ ᠵᠡᠷᠭᠡ ᠤᠯᠠᠨ ᠲᠠᠯ᠎ᠠ ᠪᠠᠷ ᠦᠵᠡᠭᠴᠢ ᠳᠤ ᠨᠠᠷᠢᠨ ᠨᠢᠭᠳᠠ ᠲᠠᠶᠢᠯᠪᠤᠷᠢᠯᠠᠵᠤ ᠦᠭᠬᠦᠨ᠎ᠠ᠃ ︽ᠪᠢᠳᠠ ᠲᠤᠰ ᠲᠠᠪᠴᠠᠩ ᠢᠶᠠᠷ ᠲᠠᠮᠵᠢᠨ ᠦᠢᠯᠡᠳᠬᠦᠨ ᠤ ᠰᠤᠷᠠᠭ ᠵᠠᠩᠬᠢ ᠶᠢ ᠬᠡᠷᠡᠭᠯᠡᠭᠴᠢᠳ ᠲᠤ ᠲᠠᠶᠢᠯᠪᠤᠷᠢᠯᠠᠨ ᠦᠭᠴᠤ᠂ ᠡᠯ᠎ᠠ ᠭᠤᠭᠴᠤᠭ᠎ᠠ ᠶᠢ ᠴᠢᠩᠭᠠᠳᠬᠠᠬᠰᠠᠨ ᠠᠴᠠ ᠲᠠᠪᠴᠠᠩ ᠤᠨ ᠦᠵᠡᠭᠴᠢᠳ ᠤᠨ ᠲᠤᠭ᠎ᠠ ᠨᠡᠮᠡᠭᠳᠡᠯ᠎ᠠ᠃ ᠪᠢᠳᠠ ᠦᠷᠬᠦᠯᠵᠢᠯᠡᠨ ᠦᠢᠯᠡᠳᠬᠦᠨ ᠢᠶᠠᠨ ᠪᠠᠶᠠᠯᠢᠭᠵᠢᠭᠤᠯᠤᠨ᠂ ᠤᠯᠠᠨ ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠨ᠎ᠠ︾ ᠭᠡᠵᠤ ᠸᠠᠩ ᠸᠧᠨ ᠸᠧᠨ ᠶᠠᠷᠢᠨ᠎ᠠ᠃       ᠦᠢᠯᠡᠳᠬᠦᠨ ᠢ ᠴᠠᠭ ᠲᠤᠬᠠᠢ ᠳᠤᠨᠢ ᠬᠦᠷᠭᠡᠵᠤ ᠦᠭᠬᠦ ᠶᠢ ᠪᠠᠳᠤᠯᠠᠬᠤ ᠪᠠᠷ ᠲᠤᠰ ᠺᠤᠮᠫᠠᠨᠢ ᠶᠢᠨ ᠠᠵᠢᠯᠴᠢᠨ ᠠᠴᠠ ᠡᠯᠧᠺᠲᠷᠤᠨ ᠲᠠᠩᠰᠠ ᠶᠢᠨ ᠰᠤᠷᠠᠭ ᠵᠠᠩᠬᠢ ᠪᠠᠷ ᠡᠳ᠋ ᠪᠠᠷᠠᠭ᠎ᠠ ᠶᠢ ᠪᠤᠯᠪᠠᠰᠤᠷᠠᠩᠭᠤᠢ ᠪᠠᠷ ᠪᠡᠯᠡᠳᠭᠡᠨ ᠠᠵᠢᠯ ᠢᠶᠠᠨ ᠡᠮᠬᠢ ᠴᠡᠭᠴᠠᠳᠠᠢ ᠶᠠᠪᠤᠭᠳᠠᠭᠤᠯᠤᠨ᠂ ᠴᠠᠭᠠᠨ ᠰᠠᠷ᠎ᠠ ᠶᠢᠨ ᠡᠯ᠎ᠠ ᠲᠦᠷᠤᠯ ᠤᠨ ᠡᠳ᠋ ᠪᠠᠷᠠᠭ᠎ᠠ ᠶᠢ ᠬᠠᠮᠤᠭ ᠲᠦᠷᠭᠡᠨ ᠢᠶᠠᠷ ᠬᠡᠷᠡᠭᠯᠡᠭᠴᠢᠳ ᠤᠨ ᠭᠠᠷ ᠲᠤ ᠬᠦᠷᠭᠡᠬᠦ ᠪᠠᠷ ᠴᠢᠷᠮᠠᠶᠢᠨ ᠠᠵᠢᠯᠯᠠᠨ᠎ᠠ᠃ᠤᠶᠢᠯᠠᠭᠠᠭᠰᠠᠨ ᠢᠶᠠᠷ᠂ ᠲᠤᠰ ᠺᠤᠮᠫᠠᠨᠢ ᠨᠡᠶᠢᠳᠠ 100 ᠭᠠᠷᠤᠢ ᠦᠢᠯᠡᠳᠬᠦᠨ ᠢ ᠪᠦᠬᠦ ᠬᠤᠳᠠ ᠶᠢᠨ ᠰᠦᠯᠵᠢᠶᠡᠨ ᠲᠡᠭᠡᠷᠡᠬᠢ ᠴᠠᠭᠠᠨ ᠰᠠᠷ᠎ᠠ ᠶᠢᠨ ᠡᠳ᠋ ᠪᠠᠷᠠᠭ᠎ᠠ ᠪᠤᠷᠤᠯᠠᠭᠤᠯᠬᠤ ᠠᠵᠢᠯᠯᠠᠭᠠᠨ ᠳᠤ ᠲᠡᠯᠭᠡᠨ ᠪᠤᠷᠤᠯᠠᠭᠤᠯᠬᠤ ᠶᠢᠨ ᠬᠠᠮᠳᠤ᠂ ᠺᠤᠮᠫᠠᠨᠢ ᠠᠴᠠ ᠰᠦᠯᠵᠢᠶᠡᠨ ᠲᠡᠭᠡᠷᠡᠬᠢ ᠲᠡᠯᠭᠡᠬᠦᠷ ᠤᠨ ᠡᠳ᠋ ᠪᠠᠷᠠᠭ᠎ᠠ ᠪᠠᠨ ᠤᠷᠢᠳᠴᠢᠯᠠᠨ ᠪᠡᠯᠡᠳᠭᠡᠵᠤ᠂ ᠲᠠᠩᠰᠠ ᠪᠦᠷᠢ ᠶᠢ ᠲᠦᠷᠭᠡᠨ ᠢᠶᠠᠷ ᠰᠶᠢᠳᠪᠤᠷᠢᠯᠡᠬᠦ ᠶᠢ ᠪᠠᠳᠤᠯᠠᠨ᠎ᠠ᠃                     ᠭᠥᠸᠧ ᠭᠥᠸᠧ ᠰᠦᠩ ᠹᠸᠢ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号