ᠦ᠋ ᠢ ᠵᠡᠭᠡᠯᠢ ᠠᠶᠤᠯᠭᠦᠶ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/16
        ᠬᠠᠷᠢᠶ᠎ᠠ ᠣᠷᠣᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠂ 1 ᠰᠠᠷ᠎ᠠ ᠶᠢᠨ 14 ᠤ ᠡᠳᠦᠷ᠂ ᠤᠯᠠᠭᠠᠨᠬᠤᠲᠠ ᠶᠢᠨ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠬᠠᠷᠢᠶ᠎ᠠ ᠣᠷᠣᠨ ᠳᠠᠬᠢ ᠭᠤᠤᠯᠳᠠᠯᠭ᠎ᠠ ᠲᠠᠢ ᠲᠠᠯᠠᠪᠤᠷ ᠪᠠ ᠣᠷᠣᠨ ᠪᠦᠰᠡ ᠳᠤ ᠪᠥᠬᠦ ᠲᠠᠯ᠎ᠠ ᠪᠠᠷ ᠨᠠᠷᠢᠨ ᠨᠢᠮᠪᠠᠶ ᠠᠮᠤᠷ ᠲᠦᠪᠰᠢᠨ ᠤ ᠪᠠᠶᠢᠴᠠᠭᠠᠯᠲᠠ ᠬᠢᠪᠡ᠃        ᠪᠠᠶᠢᠴᠠᠭᠠᠬᠤ ᠶᠠᠪᠤᠴᠠ ᠳᠤ᠂ ᠠᠵᠢᠯᠲᠠᠳ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ᠂ ᠰᠠᠭᠤᠭᠠᠯᠢ ᠠᠷᠠᠳ ᠤᠨ ᠲᠣᠭᠤᠷᠢᠭ ᠵᠢᠴᠢ ᠡᠯ᠎ᠡ ᠲᠥᠷᠥᠯ ᠤᠨ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠢᠶᠠᠷ ᠪᠠᠶᠢᠴᠠᠭᠠᠯᠲᠠ ᠬᠢᠪᠡ᠃ ᠭᠠᠯ ᠰᠡᠷᠬᠡᠶᠢᠯᠡᠵᠦ ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ ᠤᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠲᠠᠷᠬᠠᠭᠠᠨ ᠶᠠᠪᠤᠭᠤᠯᠬᠤ ᠵᠠᠮ ᠪᠠ ᠠᠮᠤᠷ ᠲᠦᠪᠰᠢᠨ ᠤ ᠭᠠᠷᠬᠤ ᠡᠭᠦᠳᠡ ᠰᠠᠭᠠᠳ ᠦᠭᠡᠢ ᠪᠠᠶᠢᠬᠤ ᠡᠰᠡᠬᠦ᠂ ᠴᠠᠬᠢᠯᠭᠠᠨ ᠬᠡᠯᠬᠢᠶ᠎ᠡ ᠶᠢ ᠤᠭᠰᠠᠷᠠᠭᠰᠠᠨ ᠨᠢ ᠵᠢᠷᠤᠮᠵᠢᠯ ᠲᠠᠢ ᠪᠠᠶᠢᠬᠤ ᠡᠰᠡᠬᠦ᠂ ᠭᠠᠯ ᠴᠠᠬᠢᠯᠭᠠᠨ ᠬᠡᠢ ᠬᠡᠷᠡᠭᠯᠡᠬᠦ ᠳᠤ ᠠᠮᠤᠷ ᠲᠦᠪᠰᠢᠨ ᠪᠠᠶᠢᠬᠤ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠴᠢᠩᠭ᠎ᠠ ᠨᠢᠮᠪᠠᠢ ᠪᠠᠶᠢᠴᠠᠭᠠᠯᠲᠠ ᠬᠢᠬᠦ ᠶᠢᠨ ᠬᠠᠮᠲᠤ ᠪᠠᠰᠠ ᠡᠯ᠎ᠡ ᠲᠠᠯᠠᠪᠤᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠢᠯᠲᠠᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠡᠵᠡᠮᠰᠢᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠠᠶ᠃        ᠪᠠᠶᠢᠴᠠᠭᠠᠬᠤ ᠶᠠᠪᠤᠴᠠ ᠳᠤ᠂ ᠡᠤ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠬᠤᠳᠠᠯᠳᠤᠭᠠᠴᠢᠨ ᠡᠷᠦᠬᠡ ᠪᠣᠯᠤᠨ ᠰᠠᠭᠤᠭᠠᠯᠢ ᠠᠷᠠᠳ ᠲᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠣᠯᠠᠨ ᠳᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠭᠠᠯ ᠬᠡᠷᠡᠭᠯᠡᠬᠦ ᠪᠠ ᠴᠠᠬᠢᠯᠭᠠᠨ ᠬᠡᠷᠡᠭᠯᠡᠬᠦ ᠳᠤ ᠠᠮᠤᠷ ᠲᠦᠪᠰᠢᠨ ᠢ ᠠᠩᠬᠠᠷᠴᠤ᠂ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ ᠡᠭᠦᠨ ᠤ ᠬᠠᠮᠲᠤ᠂ ᠭᠠᠯ ᠰᠡᠷᠭᠡᠶᠢᠯᠡᠵᠦ ᠤᠨᠲᠠᠷᠠᠭᠠᠬᠤ ᠶᠡᠭᠡ ᠠᠩᠭᠢ ᠶᠢᠨ ᠲᠤᠰᠬᠠᠶ ᠮᠡᠷᠭᠡᠵᠢᠯ ᠤᠨ ᠠᠵᠢᠯᠲᠠᠨ ᠪᠠᠰᠠ ᠬᠡᠰᠡᠭ ᠬᠤᠳᠠᠯᠳᠤᠭᠠᠴᠢᠨ ᠡᠷᠦᠬᠡ ᠪᠠ ᠰᠠᠭᠤᠭᠠᠯᠢ ᠠᠷᠠᠳ ᠲᠤ ᠲᠤᠬᠠᠶ ᠶᠢᠨ ᠲᠠᠯᠠᠪᠤᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠬᠢᠵᠦ᠂ ᠲᠡᠳᠡᠨ ᠤ ᠭᠠᠯ ᠤᠨᠲᠠᠷᠠᠭᠠᠭᠤᠷ ᠢ ᠬᠡᠷᠬᠢᠨ ᠵᠥᠪ ᠬᠡᠷᠡᠭᠯᠡᠬᠦ᠂ ᠭᠠᠯ ᠤᠨ ᠠᠶᠤᠯ ᠡᠭᠦᠰᠬᠦ ᠦᠶ᠎ᠡ ᠳᠤ ᠬᠡᠷᠬᠢᠨ ᠳᠠᠷᠤᠶ ᠲᠦᠷᠭᠡᠨ ᠠᠮᠢ ᠵᠢᠭᠤᠲᠠᠬᠤ ᠵᠡᠷᠭᠡ ᠦᠨᠳᠦᠰᠦᠨ ᠤᠷ᠎ᠠ ᠴᠢᠳᠠᠪᠤᠷᠢ ᠶᠢ ᠵᠢᠭᠠᠨ ᠵᠢᠯᠣᠭᠤᠳᠪᠠ᠃        ᠲᠣᠰ ᠤᠳᠠᠭᠠᠨ ᠤ ᠬᠠᠮᠲᠤᠷᠠᠭᠰᠠᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠨᠢᠭᠡ ᠪᠦᠯᠦᠭ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠡ᠊ᠡᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠭᠰᠡᠨ ᠪᠥᠭᠡᠳ ᠪᠠᠰᠠ ᠬᠠᠷᠢᠶ᠎ᠠ ᠣᠷᠣᠨ ᠳᠠᠬᠢ ᠬᠤᠳᠠᠯᠳᠤᠭᠠᠴᠢᠨ ᠡᠷᠦᠬᠡ ᠪᠣᠯᠤᠨ ᠰᠠᠭᠤᠭᠠᠯᠢ ᠠᠷᠠᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠤ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠡᠤ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠪᠣᠯᠤᠨ ᠭᠠᠯ ᠰᠡᠷᠭᠡᠶᠢᠯᠡᠵᠦ ᠤᠨᠲᠠᠷᠠᠭᠠᠬᠤ ᠶᠡᠭᠡ ᠠᠩᠭᠢ ᠦᠷᠭᠦᠯᠵᠢᠯᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠪᠠᠶᠢᠩᠭᠤ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠠᠮᠤᠷ ᠲᠦᠪᠰᠢᠨ᠂ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠨ᠎ᠠ᠃   
 
ᠢᠷᠡᠯᠲᠡ᠄ ᠤᠯᠠᠭᠠᠨᠬᠤᠲᠠ ᠶᠢᠨ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号