ᠤᠯᠠᠭᠠᠨᠬᠤᠲᠠ ᠬᠡᠷ ᠤᠨ ᠴᠠᠬᠢᠯᠭᠠᠨ ᠬᠡᠷᠡᠭᠰᠡᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠᠷ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠨ᠎ᠠ
ᠨᠡᠶᠢᠲᠡᠯᠡᠭᠰᠡᠨ ᠴᠠᠭ᠄
2025/1/17
        2024 ᠣᠨ ᠳᠤ ᠬᠡᠷ ᠤᠨ ᠴᠠᠬᠢᠯᠭᠠᠨ ᠬᠡᠷᠡᠭᠰᠡᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠢ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠭᠰᠡᠨ ᠢᠶᠠᠷ ᠪᠠᠷᠠᠬᠤ ᠥᠬᠡᠶ᠂ ᠲᠦᠭᠡᠮᠡᠯ ᠬᠠᠷᠠᠭᠠᠯᠵᠠᠯᠲᠤ ︽ᠤᠯᠠᠭᠠᠨ ᠪᠠᠭᠯᠠᠭ᠎ᠠ︾ ᠶᠢ ᠬᠡᠷᠡᠭᠯᠡᠭᠴᠢᠳ ᠲᠤ ᠰᠢᠭᠤᠳ ᠬᠦᠷᠭᠡᠵᠡᠶ᠃ ᠦᠨ᠎ᠡ ᠪᠠᠭᠤᠷᠠᠭᠤᠯᠤᠭᠰᠠᠨ ᠬᠠᠷᠢᠴᠠᠯ ᠢᠶᠠᠷ ᠨᠥᠬᠦᠪᠦᠷᠢ ᠶᠢᠨ ᠬᠠᠷᠠᠭᠠᠯᠵᠠᠯ ᠢ ᠰᠢᠭᠤᠳ ᠬᠦᠷᠲᠡᠭᠡᠬᠦ ᠠᠴᠠ ᠭᠠᠳᠠᠨ᠎ᠠ᠂ ᠬᠡᠷᠡᠭᠯᠡᠭᠴᠢᠳ ᠪᠠᠰᠠ ᠭᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠡᠯ᠎ᠡ ᠵᠦᠢᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠣᠷᠣᠯᠴᠠᠵᠤ᠂ ᠳᠠᠪᠬᠤᠷ ᠬᠠᠷᠠᠭᠠᠯᠵᠠᠯ ᠦᠵᠡᠭᠦᠯᠬᠦ ᠶᠢ ᠪᠡᠶᠡᠯᠡᠭᠦᠯᠵᠦ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠᠷ ᠳᠠᠮᠵᠢᠨ ᠬᠠᠮᠤᠭ ᠤᠨ ᠶᠡᠭᠡ ᠬᠡᠮᠵᠢᠶ᠎ᠡ ᠪᠠᠷ ᠬᠡᠷᠡᠭᠯᠡᠭᠴᠢᠳ ᠲᠤ ᠳᠥᠭᠦᠮ ᠦᠵᠡᠭᠦᠯᠵᠦ ᠪᠣᠳᠠᠲᠤ ᠠᠰᠢᠭ ᠬᠦᠷᠲᠡᠭᠡᠵᠡᠢ᠃
640.jpg
        ᠤᠯᠠᠭᠠᠨᠬᠤᠲᠠ ᠶᠢᠨ ᠬᠤᠸᠠ ᠱᠧᠩ ᠴᠠᠬᠢᠯᠭᠠᠨ ᠬᠡᠷᠡᠭᠰᠡᠯ ᠤᠨ ᠬᠤᠳᠠᠯᠳᠤᠭ᠎ᠠ ᠳᠤ᠂ ᠬᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠨ᠎ᠠ᠃ ᠪᠣᠷᠣᠯᠠᠭᠤᠯᠤᠭᠴᠢ ᠶᠠᠭ ᠬᠡᠷᠡᠭᠯᠡᠭᠴᠢᠳ ᠲᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠠᠷᠠᠭᠠᠯᠵᠠᠯ ᠤᠨ ᠨᠠᠷᠢᠨ ᠲᠦᠷᠢᠮ ᠵᠢᠴᠢ ᠳᠡᠯᠭᠡᠭᠦᠷ ᠤᠨ ᠳᠣᠲᠣᠷᠠᠬᠢ ᠡᠯ᠎ᠡ ᠲᠣᠮᠣ ᠨᠠᠷᠠᠲᠤ ᠲᠡᠮᠳᠡᠭᠲᠦ  ᠶᠢᠨ ᠭᠠᠷᠭᠠᠭᠰᠠᠨ ᠣᠨᠴᠠ ᠬᠠᠷᠠᠭᠠᠯᠵᠠᠯ ᠤᠨ ᠠᠵᠢᠯᠯᠠᠭ᠎ᠠ ᠶᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠬᠡᠷᠡᠭᠯᠡᠭᠴᠢᠳ ᠢ ᠪᠥᠬᠦ ᠬᠦᠴᠦᠨ ᠢᠶᠠᠷ ᠬᠠᠪᠰᠤᠷᠤᠨ ᠰᠠᠨᠠᠭᠠᠨ ᠳᠤ ᠳᠣᠬᠢᠷᠠᠭᠰᠠᠨ ᠴᠢᠨᠠᠷ ᠰᠠᠶᠢᠲᠠᠶ ᠲᠠᠸᠠᠷ ᠢ ᠰᠣᠩᠭᠤᠵᠤ ᠥᠭᠭᠦᠨ᠎ᠡ᠃
640 (1).jpg
        ︽ᠮᠠᠨ ᠤ ᠶᠡᠬᠡᠩᠬᠢ ᠲᠠᠸᠠᠷ ᠲᠤ ᠴᠥᠮ ᠤᠯᠤᠰ ᠤᠨ ᠨᠥᠬᠦᠪᠦᠷᠢ ᠥᠭᠴᠦ᠂ 2023 ᠣᠨ ᠤ ᠪᠣᠷᠣᠯᠠᠭᠤᠯᠭ᠎ᠠ ᠶᠢᠨ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠵᠦ᠂ ᠪᠦᠬᠦ ᠠᠷᠠᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠪᠦᠲᠦᠮᠵᠢᠲᠡᠶ ᠪᠠᠷ ᠠᠬᠢᠭᠤᠯᠪᠠ︾ ᠭᠡᠵᠦ ᠤᠯᠠᠭᠠᠨᠬᠤᠲᠠ ᠶᠢᠨ ᠬᠤᠸᠠ ᠱᠧᠩ ᠴᠠᠬᠢᠯᠭᠠᠨ ᠬᠡᠷᠡᠭᠰᠡᠯ ᠤᠨ ᠬᠤᠳᠠᠯᠳᠤᠭ᠎ᠠ ᠶᠢᠨ ᠳᠡᠳ᠋ ᠶᠡᠷᠦᠩᠬᠡᠢ ᠳᠠᠭᠠᠭᠠᠮᠠᠯ ᠯᠢ ᠰᠢᠶᠠᠩ ᠬᠡᠯᠡᠪᠡ᠃        ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠤᠯᠠᠭᠠᠨᠬᠤᠲᠠ ᠶᠢᠨ ᠬᠤᠸᠠ ᠱᠧᠩ ᠴᠠᠬᠢᠯᠭᠠᠨ ᠬᠡᠷᠡᠭᠰᠡᠯ ᠪᠣᠷᠣᠯᠠᠭᠤᠯᠬᠤ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠨᠥᠬᠦᠪᠥᠷᠢ ᠥᠭᠬᠦ ᠳᠤ ᠣᠷᠣᠯᠴᠠᠭᠰᠠᠨ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠤᠰᠤ ᠬᠠᠯᠠᠭᠠᠬᠤ ᠮᠠᠰᠢᠨ ᠵᠡᠷᠭᠡ 15 ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠳᠤ ᠬᠠᠮᠤᠭ ᠤᠨ ᠡᠴᠦᠰ ᠤᠨ ᠪᠣᠷᠣᠯᠠᠭᠤᠯᠬᠤ ᠦᠨ᠎ᠡ ᠶᠢᠨ 20% ᠪᠠᠷ ᠨᠥᠬᠦᠪᠥᠷᠢ ᠥᠭᠭᠦᠨ᠎ᠡ᠃ ᠬᠤᠪᠢ ᠬᠥᠮᠦᠨ ᠤ ᠬᠡᠷᠡᠭᠯᠡᠭᠴᠢᠳ ᠬᠤᠶᠠᠳᠤᠭᠠᠷ ᠳᠡᠰ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠶᠢᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠤᠳᠠᠯᠳᠤᠨ ᠠᠪᠤᠪᠠᠯ ᠨᠥᠬᠦᠪᠥᠷᠢ ᠶᠢᠨ ᠪᠠᠷᠢᠮᠵᠢᠶ᠎ᠠ ᠨᠢ ᠪᠣᠯ ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 15% ᠪᠣᠯᠤᠨ᠎ᠠ᠃ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠶᠢᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠤᠳᠠᠯᠳᠤᠨ ᠠᠪᠤᠪᠠᠯ ᠳᠠᠬᠢᠨ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 5% ᠶᠢᠨ ᠨᠥᠬᠦᠪᠥᠷᠢ ᠣᠯᠭᠤᠨ᠎ᠠ᠃
640 (2).jpg
        ︽2024 ᠣᠨ ᠤ 10 ᠰᠠᠷ᠎ᠠ ᠠᠴᠠ ᠨᠠᠭᠠᠰᠢ᠂ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠢᠯᠡ ᠪᠠᠷ ᠴᠤᠭᠯᠠᠭᠤᠯᠬᠤ ᠠᠷᠭ᠎ᠠ ᠬᠡᠯᠪᠡᠷᠢ ᠪᠠᠷ ᠳᠠᠮᠵᠢᠨ᠂ ᠨᠡᠶᠢᠲᠡ 28 ᠲᠣᠮᠣ ᠬᠡᠯᠪᠡᠷᠢ ᠶᠢᠨ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠢ ᠴᠤᠭᠯᠠᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠭᠤᠯᠵᠤ᠂ 2024 ᠣᠨ ᠤ ᠪᠥᠬᠦ ᠵᠢᠯ ᠤᠨ ᠬᠡᠷ ᠤᠨ ᠴᠠᠬᠢᠯᠭᠠᠨ ᠬᠡᠷᠡᠭᠰᠡᠯ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠵᠢᠱᠢᠯᠲᠡ ᠪᠠᠷ ᠪᠥᠬᠦ ᠵᠢᠯ ᠤᠨ ᠬᠡᠷ ᠤᠨ ᠴᠠᠬᠢᠯᠭᠠᠨ ᠬᠡᠷᠡᠭᠰᠡᠯ ᠤᠨ ᠪᠦᠬᠦᠯᠢ ᠴᠣᠭᠴᠠ ᠶᠢᠨ ᠬᠡᠷᠡᠭᠯᠡᠭᠡ 1 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ 2025 ᠣᠨ ᠳᠤ᠂ ᠪᠢᠳᠡ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ᠂ ᠦᠢᠯᠡᠴᠢᠯᠡᠭᠡᠨ ᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠣᠯᠠᠨ ᠤ ᠤᠯᠤᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠮᠡᠳᠡᠷᠡᠭᠦᠯᠵᠦ᠂ ᠬᠦᠷᠲᠡᠮᠵᠢ ᠶᠢᠨ ᠲᠦᠷᠦᠭᠳᠡᠯ ᠪᠠ ᠵᠤᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ︾ ᠭᠡᠵᠦ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠠᠵᠤ ᠠᠬᠤᠢ ᠶᠢᠨ ᠠᠵᠢᠯᠯᠠᠭᠠᠨ ᠤ ᠲᠠᠰᠤᠭ ᠤᠨ ᠬᠠᠷᠢᠭᠤᠴᠠᠯᠭᠠᠲᠠᠨ ᠴᠧᠨ ᠰᠢᠤᠢ ᠬᠡᠯᠡᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号