︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢᠨ ᠲᠦᠢᠮᠣᠴᠢᠯᠠᠯ︾ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/1/17
        ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠨᠣᠪᠴᠢᠲᠠᠶ ᠡᠵᠡᠮᠰᠢᠵᠦ᠂ ᠪᠣᠳᠠᠲᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢᠨ ᠲᠦᠢᠮᠣᠴᠢᠯᠠᠯ︾ ︵ᠳᠣᠷᠣᠭᠰᠢ ︽ᠲᠦᠢᠮᠣᠴᠢᠯᠠᠯ︾ ᠭᠡᠵᠦ ᠳᠥᠭᠦᠮᠴᠢᠯᠡᠨ᠎ᠡ︶ ᠭᠡᠬᠦ ᠨᠣᠮ ᠢ ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠶᠠᠮᠠᠷ ᠶᠠᠩᠵᠤ ᠶᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠬᠡᠷᠬᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ ᠴᠢᠬᠤᠯᠠ ᠶᠡᠭᠡ ᠴᠠᠭ ᠦᠶ᠎ᠡ ᠶᠢᠨ ᠰᠡᠳᠦᠪ ᠤᠨ ᠲᠣᠭᠤᠷᠢᠨ ᠳᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠡᠨᠡ ᠬᠦ ᠭᠤᠣᠯ ᠰᠡᠳᠦᠪ ᠭᠤᠣᠯ ᠰᠢᠵᠢᠮ ᠢ ᠲᠤᠪᠤᠶᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠮᠠᠨᠳᠤᠭᠤᠯᠵᠤ ᠨᠠᠮ ᠢ ᠬᠦᠴᠦᠷᠬᠡᠭᠵᠢᠭᠦᠯᠬᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠨᠢ ᠥᠷᠭᠡᠨ ᠳᠡᠯᠭᠡᠷ ᠭᠦᠨ ᠭᠦᠨᠵᠡᠭᠡᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠠᠯᠢ ᠤᠯᠠᠨ ᠪᠦᠲᠦᠭᠡᠯᠴᠢ ᠴᠢᠨᠠᠷᠲᠠᠢ ᠦᠷ᠎ᠡ ᠪᠦᠲᠦᠭᠡᠯ ᠢᠶᠠᠷ ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠢ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠪᠠᠷᠢᠬᠤ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾ ᠪᠣᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃        ︽ᠲᠦᠢᠮᠣᠴᠢᠯᠠᠯ︾ ᠨᠢ ᠤᠳᠤᠷᠢᠳᠬᠠᠯ᠂ ᠭᠤᠣᠯ ᠴᠣᠭᠴᠠ᠂ ᠲᠡᠭᠦᠰᠬᠡᠯ ᠢᠶᠠᠷ ᠪᠦᠷᠢᠯᠳᠦᠵᠦ᠂ ᠨᠡᠶᠢᠲᠡ 12.1 ᠲᠦᠮᠡᠨ ᠦᠰᠦᠭ ᠲᠠᠢ᠃ ᠪᠦᠭᠦ ᠨᠣᠮ ᠳᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠥᠭᠦᠯᠡᠵᠦ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ᠂ ᠦᠷᠳᠡᠭ ᠤᠨ ᠬᠥᠭᠡᠭᠡᠴᠡᠯᠳᠦᠯ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠨᠠᠮ ᠤᠨ ᠪᠠᠶᠢᠭᠤᠯᠤᠯᠲᠠ ᠶᠢᠨ ᠬᠦᠷᠢᠶᠡᠨ ᠳᠠᠬᠢ ᠤᠤᠭᠠᠯ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠭᠦ ᠲᠠᠯ᠎ᠠ ᠪᠠᠷ ᠲᠤᠰᠬᠠᠪᠠ᠃ ︽ᠲᠦᠢᠮᠣᠴᠢᠯᠠᠯ︾ ᠤᠨ ᠠᠭᠤᠯᠭ᠎ᠠ ᠨᠢ ᠪᠠᠶᠠᠯᠢᠭ᠂ ᠦᠵᠡᠯᠲᠡ ᠨᠢ ᠢᠯᠡ ᠲᠣᠳᠣ᠂ ᠥᠭᠦᠯᠡᠯᠲᠡ ᠨᠢ ᠭᠦᠨᠵᠡᠭᠡᠢ᠂ ᠯᠣᠭᠢᠭ ᠨᠢ ᠨᠢᠭᠲᠠ ᠴᠢᠩᠭ᠎ᠠ᠂ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠰᠢᠰᠲ᠋ᠧᠮᠲᠦ ᠴᠢᠨᠠᠷ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠡᠷᠬᠡ ᠰᠦᠷᠲᠦ ᠬᠠᠪᠰᠤᠷᠤᠮᠵᠢ ᠤᠩᠰᠢᠬᠤ ᠪᠢᠴᠢᠭ ᠮᠥᠨ᠃        ᠲᠥᠪ ᠤᠨ ᠵᠣᠬᠢᠶᠠᠨ ᠪᠠᠶᠢᠭᠤᠯᠬᠤ ᠬᠡᠯᠲᠡᠰ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠤᠭ ᠪᠦᠲᠦᠭᠡᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ ︽ᠲᠦᠢᠮᠣᠴᠢᠯᠠᠯ︾ ᠢ ᠬᠥᠮᠦᠵᠢᠯ ᠪᠣᠯᠪᠠᠰᠤᠷᠠᠯ ᠤᠨ ᠵᠢᠭᠠᠬᠤ ᠮᠠᠲ᠋ᠧᠷᠢᠶᠠᠯ ᠪᠠ ᠰᠤᠷᠤᠯᠴᠠᠯᠭ᠎ᠠ ᠶᠢᠨ ᠵᠠᠪᠠᠯ ᠤᠩᠰᠢᠬᠤ ᠨᠣᠮ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号