| 1 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠵᠠᠰᠠᠭ ᠤᠨ | ᠣᠷᠳᠣᠨ ᠤ ᠠᠵᠢᠯ ᠤᠨ ᠢᠯᠡᠳᠭᠡᠯ ᠢ ᠦᠷᠭᠦᠯᠵᠢᠯᠡᠨ ᠬᠢᠨᠠᠨ ᠵᠥᠪᠯᠡᠵᠦ᠂ ᠲᠥᠯᠥᠪᠯᠡᠭᠡ ᠪᠠ ᠲᠥᠰᠦᠪ ᠤᠨ | ᠮᠡᠳᠡᠭᠦᠯᠦᠯᠲᠡ ᠵᠢᠴᠢ 2025 ᠣᠨ ᠤ ᠲᠥᠯᠥᠪᠯᠡᠭᠡ ᠪᠠ ᠲᠥᠰᠦᠪ ᠤᠨ ᠲᠥᠰᠦᠯ ᠢ ᠬᠢᠨᠠᠨ ᠪᠠᠶᠢᠴᠠᠭᠠᠪᠠ᠃ | ᠡᠭᠦᠨ ᠤ ᠬᠠᠮᠲᠤ᠂ ᠰᠣᠩᠭᠤᠭᠤᠯᠢ ᠶᠢᠨ ᠠᠷᠭ᠎ᠠ ᠶᠢᠨ ᠲᠥᠰᠦᠯ ᠢ ᠬᠢᠨᠠᠨ ᠵᠥᠪᠯᠡᠪᠡ᠃ | ᠹᠧᠩ ᠷᠧᠨ ᠹᠸᠢ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ | ᠭᠤᠤᠯ ᠰᠡᠳᠦᠪ ᠨᠢ ᠢᠯᠡ ᠲᠣᠳᠣ᠂ ᠪᠥᠬᠦ ᠲᠠᠯ᠎ᠠ ᠶᠢᠨ ᠪᠥᠭᠡᠳ ᠪᠤᠰᠤᠳᠴᠢ᠂ ᠦᠨᠡᠨ ᠠᠴᠠ ᠵᠥᠪ ᠢ ᠡᠷᠢᠵᠦ᠂ | ᠭᠢᠯᠠᠰ ᠴᠡᠭ ᠨᠢ ᠣᠯᠠᠨ᠂ ᠰᠠᠶᠢᠰᠢᠶᠠᠭᠤᠰᠢᠲᠠᠶ᠂ ᠪᠠᠶᠢᠷᠢᠯᠠᠭᠤᠯᠤᠭᠰᠠᠨ 11 ᠵᠦᠢᠯ ᠤᠨ ᠠᠵᠢᠯ ᠤᠨ ᠠᠷᠭ᠎ᠠ | ᠬᠡᠮᠵᠢᠶ᠎ᠡ ᠨᠢ ᠪᠣᠳᠠᠲᠠᠶ ᠶᠢ ᠡᠷᠬᠢᠮᠯᠡᠨ ᠨᠠᠷᠢᠯᠢᠭ ᠣᠨᠣᠴᠠᠲᠠᠶ᠃ ᠪᠢ ᠡᠨᠡ ᠬᠦ ᠢᠯᠡᠳᠭᠡᠯ ᠢ ᠵᠥᠪᠰᠢᠶᠡᠷᠡᠵᠦ ᠪᠠᠶᠢᠬᠤ | ᠪᠥᠭᠡᠳ ᠲᠥᠯᠥᠪᠯᠡᠭᠡ ᠪᠠ ᠲᠥᠰᠦᠪ ᠤᠨ ᠢᠯᠠᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠳᠤᠤᠷ᠎ᠠ ᠲᠦᠷᠪᠡᠨ | ᠰᠠᠨᠠᠭᠤᠯᠭ᠎ᠠ ᠳᠤᠷᠠᠳᠤᠶ᠎ᠠ᠂ ᠨᠢᠭᠡ ᠳᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠠᠯ᠎ᠠ ᠪᠠᠷ᠂ ᠬᠠᠤᠯᠢ ᠶᠣᠰᠣᠭᠠᠷ ᠡᠯᠡᠰᠦ ᠶᠢ ᠵᠠᠰᠠᠬᠤ ᠶᠢ ᠪᠠᠷᠢᠮᠲᠠᠯᠠᠵᠤ | ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠢᠨᠵᠢᠯᠡᠬᠦ | ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠦᠯᠡᠷᠬᠡᠭᠵᠢᠯ ᠤᠨ ᠠᠮᠢ ᠠᠬᠤᠢ ᠶᠢᠨ ᠰᠢᠰᠲ᠋ᠧᠮ ᠤᠨ ᠶᠠᠰᠤ | ᠴᠢᠨᠠᠷ ᠪᠣᠯᠤᠨ ᠲᠣᠭᠲᠠᠪᠤᠷᠢᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯᠡᠰᠦᠷᠭᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠬᠤᠶᠠᠷ ᠲᠤ᠂ ᠤᠰᠤ ᠠᠷᠪᠢᠯᠠᠬᠤ ᠠᠵᠢᠯ ᠤᠨ ᠲᠠᠯ᠎ᠠ ᠪᠠᠷ᠂ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠤᠰᠤ ᠲᠠᠲᠠᠬᠤ ᠶᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠤᠰᠤ ᠲᠠᠲᠠᠵᠤ ᠤᠰᠤ ᠬᠡᠷᠡᠭᠯᠡᠬᠦ ᠪᠥᠬᠦ | ᠶᠠᠪᠤᠴᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠭᠤᠷᠪᠠ ᠳᠤ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ᠂ | ᠰᠠᠪᠠ ᠭᠠᠵᠠᠷ ᠤᠨ ᠵᠠᠰᠠᠯᠲᠠ ᠶᠢᠨ ᠪᠦᠬᠦ ᠲᠠᠯᠠᠴᠢ ᠴᠢᠨᠠᠷ᠂ ᠪᠦᠬᠦᠯᠢ ᠴᠣᠭᠴᠠᠲᠤ ᠴᠢᠨᠠᠷ ᠢ ᠲᠤᠪᠤᠶᠢᠯᠭᠠᠵᠤ᠂ ᠭᠤᠣᠯ | ᠤᠷᠤᠰᠬᠠᠯ ᠰᠠᠯᠪᠤᠷᠢ ᠤᠷᠤᠰᠬᠠᠯ ᠤᠨ ᠵᠡᠭᠦᠨ ᠪᠠᠷᠠᠭᠤᠨ ᠬᠤᠶᠠᠷ ᠡᠷᠬᠢ ᠶᠢᠨ ᠬᠠᠮᠠᠭᠠᠯᠠᠯᠲᠠ ᠪᠠ ᠵᠠᠰᠠᠯᠲᠠ ᠶᠢ | ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠶᠠᠰᠤ | ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠬᠥᠭᠵᠢᠭᠦᠯᠦᠯᠲᠡ ᠪᠡ | ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠥᠬᠦᠪᠥᠷᠢ ᠥᠭᠬᠦ ᠠᠷᠭ᠎ᠠ ᠪᠠᠨ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠠᠮᠢ ᠠᠬᠤᠶ ᠶᠢᠨ ᠴᠢᠳᠠᠮᠵᠢᠳᠤ ᠣᠷᠣᠨ ᠳᠤ ᠨᠥᠬᠦᠪᠥᠷᠢ ᠥᠭᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ ᠭᠡᠪᠡ᠃ | ᠴᠢᠶᠣᠤ ᠯᠢ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ | ᠠᠭᠤᠯᠭ᠎ᠠ ᠪᠠᠶᠠᠯᠢᠭ᠂ ᠲᠤᠭ᠎ᠠ ᠪᠠᠷᠢᠮᠲᠠ ᠨᠠᠷᠢᠨ ᠪᠣᠳᠠᠲᠠᠢ᠂ ᠭᠤᠣᠯᠳᠠᠯᠭ᠎ᠠ ᠲᠤᠪᠤᠶᠢᠮ᠎ᠠ ᠪᠠᠶᠢᠨ᠎ᠠ᠃ ᠪᠢ ᠡᠨᠡᠬᠦ | ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠳᠦᠨ ᠰᠠᠨᠠᠯ ᠪᠠ ᠰᠠᠨᠠᠭᠤᠯᠭ᠎ᠠ ᠪᠠᠨ ᠶᠠᠷᠢᠶ᠎ᠠ᠃ ᠨᠢᠭᠡ ᠳᠤ᠂ ᠪᠦᠬᠦ | ᠣᠷᠣᠨ ᠤ ᠥᠷᠭᠡᠨ ᠤᠯᠠᠨ ᠵᠠᠯᠠᠭᠤᠴᠤᠳ ᠲᠤ ᠬᠠᠨᠳᠤᠭᠤᠯᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ | ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠦᠯᠵᠢᠶᠡᠨ | ᠳᠡᠭᠡᠷᠡᠬᠢ ᠪᠠ ᠪᠤᠳᠠᠳᠦ ᠴᠤᠭᠴᠠ ᠶᠢ ᠤᠶᠠᠯᠳᠤᠭᠤᠯᠤᠭᠰᠠᠨ ᠤᠯᠠᠮᠵᠢᠯᠠᠨ ᠲᠠᠷᠬᠠᠭᠠᠬᠤ ᠳᠠᠪᠠᠭᠤᠯᠢᠭ ᠢ ᠰᠠᠶᠢᠲᠤᠷ | ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠵᠠᠯᠠᠭᠤ ᠴᠢᠳᠠᠪᠤᠷᠢᠲᠠᠨ ᠢ ᠳᠠᠳᠠᠨ ᠣᠷᠣᠭᠤᠯᠬᠤ᠂ ᠬᠥᠮᠦᠵᠢᠭᠦᠯᠬᠦ᠂ | ᠦᠯᠡᠳᠡᠭᠡᠬᠦ᠂ ᠬᠡᠷᠡᠭᠯᠡᠬᠦ ᠶᠢ ᠴᠢᠬᠤᠯᠠᠴᠢᠯᠠᠵᠤ᠂ ᠲᠠᠪᠴᠠᠩ ᠪᠠᠶᠢᠭᠤᠯᠤᠨ ᠵᠠᠯᠠᠭᠤᠴᠤᠳ ᠤᠨ ᠳᠤᠯᠭᠠᠮ ᠬᠦᠴᠢᠷ | ᠵᠣᠪᠠᠭᠤᠷᠢ ᠶᠢ ᠰᠢᠢᠳᠪᠦᠷᠢᠯᠡᠵᠦ᠂ ᠵᠠᠯᠠᠭᠤᠴᠤᠳ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠤᠷᠮ᠎ᠠ | ᠵᠣᠷᠢᠭ ᠢ ᠬᠥᠭᠵᠢᠭᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ | ᠭᠤᠷᠪᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠬᠦᠳᠦᠯᠦᠨ | ᠳᠠᠭᠠᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠪᠠᠶᠢᠭᠤᠯᠵᠤ᠂ | ᠤᠮᠠᠷᠠᠲᠤ ᠬᠢᠯᠢ ᠶᠢᠨ ᠰᠣᠶᠣᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠳᠡᠯᠭᠡᠨ ᠦᠵᠡᠭᠦᠯᠬᠦ ᠬᠡᠷᠡᠭᠳᠡᠢ᠃ | ᠲᠦᠷᠪᠡ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠷᠢᠨ ᠬᠢᠨᠠᠮᠠᠭᠠᠢ ᠰᠦᠪᠡᠭᠴᠢᠯᠡᠵᠦ᠂ | ᠦᠢᠯᠡᠴᠢᠯᠡᠭᠡᠨ ᠤ ᠬᠡᠯᠬᠢᠶ᠎ᠠ ᠶᠢ ᠤᠷᠲᠤᠳᠬᠠᠵᠤ᠂ ︽ᠣᠶᠢᠯᠠᠭᠠᠭᠳᠠᠬᠤᠨ ᠤ ᠲᠠᠯ᠎ᠠ ᠪᠠᠷ ᠬᠦᠳᠦᠯᠦᠨ ᠳᠠᠭᠠᠭᠤᠯᠬᠤ᠂ | ᠦᠢᠯᠡᠳᠦᠯᠭᠡ ᠶᠢᠨ ᠳᠤᠮᠳᠠ ᠳᠠᠪᠲᠠᠨ ᠪᠣᠯᠪᠠᠰᠤᠷᠠᠭᠤᠯᠬᠤ᠂ ᠠᠵᠢᠯ ᠤᠯᠬᠤ ᠦᠶ᠎ᠡ ᠳᠤ ᠬᠦᠴᠦ ᠨᠡᠮᠡᠷᠢᠯᠡᠬᠦ᠂ ᠤᠷᠳᠤ | ᠬᠤᠭᠤᠴᠠᠭ᠎ᠠ ᠪᠠᠷ ᠮᠥᠷᠳᠡᠬᠦ︾ ᠲᠦᠷᠪᠡ ᠶᠢ ᠨᠢᠭᠡ ᠴᠤᠬᠴᠠᠵᠢᠭᠤᠯᠤᠨ ᠠᠵᠢᠯ ᠣᠯᠭᠤᠯᠲᠠ ᠶᠢ ᠠᠬᠢᠭᠤᠯᠬᠤ | ᠠᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠳᠡᠢ ᠭᠡᠪᠡ᠃ | ᠯᠢ ᠸᠧᠨ ᠵᠥᠩ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ | ᠠᠭᠤᠯᠭ᠎ᠠ ᠨᠢ ᠪᠣᠳᠠᠲᠠᠶ ᠶᠢ ᠡᠷᠬᠢᠮᠯᠡᠭᠰᠡᠨ᠂ ᠨᠠᠷᠢᠨ ᠪᠣᠳᠠᠲᠠᠶ᠂ ᠬᠥᠮᠦᠰ ᠤᠨ ᠤᠷᠮ᠎ᠠ ᠶᠢ ᠬᠥᠭᠵᠢᠭᠡᠭᠰᠡᠨ᠂ ᠠᠵᠢᠯ ᠤᠨ | ᠪᠠᠶᠢᠷᠢᠯᠠᠭᠤᠯᠤᠯᠳᠠ ᠨᠢ ᠲᠦᠢᠯ ᠤᠨ ᠪᠣᠳᠠᠲᠠᠶ᠂ ᠡᠨᠡ ᠬᠦ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ | ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠠᠵᠢᠯ ᠲᠦᠷᠦᠯ ᠤᠨ ᠡᠮᠦᠨ᠎ᠡ ᠡᠩᠨᠡᠭᠡᠨ ᠳᠤ ᠭᠠᠪᠰᠢᠭᠠᠶᠢᠯᠠᠵᠦ᠂ | ᠥᠪᠥᠷ ᠮᠣᠩᠭᠤᠯ ᠤᠨ ᠡᠨᠧᠷᠭᠢ ᠶᠢᠨ ᠬᠥᠭᠵᠢᠯᠲᠡ ᠶᠢᠨ ᠠᠵᠢᠯ ᠲᠠᠢ ᠪᠠᠨ ᠤᠶᠠᠯᠳᠤᠭᠤᠯᠵᠤ᠂ ᠬᠡᠳᠦᠨ ᠵᠦᠢᠯ ᠤᠨ | ᠠᠷᠭ᠎ᠠ ᠪᠤᠳᠤᠯᠭ᠎ᠠ ᠶᠢ ᠳᠤᠷᠠᠳᠤᠶ᠎ᠠ᠃ ᠨᠢᠭᠡ ᠳᠤ᠂ ᠠᠵᠤ ᠦᠢᠯᠡᠰ ᠤᠨ ᠲᠦᠷᠦᠯ ᠵᠦᠢᠯ ᠤᠨ ᠪᠣᠳᠠᠲᠠᠢ | ᠲᠥᠯᠥᠪᠵᠢᠭᠦᠯᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠡᠯᠡᠳᠭᠡᠯ ᠡᠵᠢᠯ ᠢ ᠤᠷᠢᠳᠠᠪᠠᠷ ᠬᠢᠵᠦ᠂ ︽ | ᠬᠠᠪᠤᠷ ᠤᠨ ᠡᠬᠢ ᠪᠠᠷ ᠠᠵᠢᠯ ᠡᠬᠢᠯᠡᠭᠦᠯᠬᠦ︾ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠳᠡᠢ᠃ ᠬᠤᠶᠠᠷ ᠲᠤ᠂ ︽ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠢᠶᠠᠨ ᠪᠣᠳᠠᠲᠠᠶ | ᠪᠥᠭᠡᠳ ᠲᠦᠷᠭᠡᠨ ᠬᠢᠵᠦ᠂ ᠪᠥᠬᠦ ᠣᠷᠣᠨ ᠤ ᠡᠨᠧᠷᠭᠢ ᠶᠢᠨ ᠰᠤᠷᠪᠤᠯᠵᠢ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃ | ᠭᠤᠷᠪᠠ ᠳᠤ᠂ ᠬᠠᠷᠢᠶ᠎ᠠ ᠭᠠᠵᠠᠷ ᠤᠨ ᠢᠶᠠᠨ ᠳᠠᠪᠠᠭᠤᠯᠢᠭ᠂ ᠣᠷᠣᠨ ᠪᠦᠰᠡ ᠶᠢᠨ ᠳᠠᠪᠠᠭᠤᠯᠢᠭ ᠢᠶᠠᠨ ᠴᠢᠨᠠᠭᠰᠢᠳᠠ | ᠪᠠᠳᠠᠷᠠᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠢᠯᠠᠩᠭᠤᠶ᠎ᠠ | ᠪᠣᠬᠢᠷᠲᠤᠯ ᠦᠭᠡᠢ ᠴᠠᠬᠢᠯᠭᠠᠨ ᠢᠶᠠᠷ ᠡᠷᠬᠢᠨ ᠲᠣᠭᠤᠷᠢᠨ ᠤ ᠡᠨᠧᠷᠭᠢ ᠶᠢᠨ ᠬᠠᠮᠲᠤᠷᠠᠯᠴᠠᠭ᠎ᠠ ᠶᠢ ᠣᠷᠣᠯᠠᠭᠤᠯᠬᠤ ᠶᠢ | ᠴᠢᠩᠭᠠᠳᠬᠠᠬᠤ ᠬᠡᠷᠡᠭᠳᠡᠢ ᠭᠡᠵᠡᠢ᠃ | ᠮᠦᠡᠭᠭᠡᠴᠢᠯᠠᠭᠤ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ | ᠭᠤᠣᠯ ᠱᠤᠭᠤᠮ ᠲᠤᠪᠤᠶᠢᠮ᠎ᠠ ᠪᠠᠶᠢᠵᠤ᠂ ᠨᠡᠶᠢᠭᠡᠮ ᠤᠨ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ | ᠵᠠᠰᠠᠭ ᠤᠨ ᠣᠷᠳᠣᠨ ᠤ ᠠᠰᠠᠭᠤᠳᠠᠯ ᠢ ᠰᠢᠢᠳᠪᠦᠷᠢᠯᠡᠬᠦ ᠡᠷᠡᠰ ᠵᠣᠷᠢᠭ ᠪᠠ ᠣᠪᠣᠷ ᠢᠶᠠᠨ ᠢᠯᠡᠳᠭᠡᠵᠦ᠂ ᠰᠡᠳᠭᠢᠯ ᠢᠶᠠᠨ | ᠨᠢᠭᠡᠳᠭᠡᠨ ᠬᠦᠴᠦᠨ ᠢᠶᠠᠨ ᠬᠠᠮᠲᠤᠳᠬᠠᠵᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠬᠤ ᠰᠠᠶᠢᠨ ᠢᠯᠡᠳᠭᠡᠯ | ᠪᠣᠯᠵᠠᠢ᠂ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠪᠤᠬᠢᠷᠳᠦᠯ ᠦᠭᠡᠢ ᠤᠰᠤᠲᠥ᠋ᠷᠥᠭᠴᠢ ᠶᠢᠨ ᠥᠪᠡᠷ ᠤᠨ ᠥᠷᠲᠡᠭ | ᠥᠨᠳᠥᠷ ᠪᠠᠶᠢᠬᠤ ᠠᠰᠠᠭᠤᠳᠠᠯ ᠢ ᠪᠠᠴᠢᠮ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠨᠢᠭᠡ ᠳᠤ᠂ ᠤᠰᠤᠲᠥ᠋ᠷᠥᠭᠴᠢ ᠶᠢᠨ | ᠡᠨᠧᠷᠭᠢ ᠶᠢ ᠦᠢᠯᠡᠳᠬᠦ ᠬᠠᠳᠠᠭᠠᠯᠠᠬᠤ ᠳᠠᠮᠵᠢᠭᠤᠯᠬᠤ ᠬᠡᠯᠬᠢᠶ᠎ᠠ ᠶᠢ ᠵᠣᠯᠭᠠᠭᠤᠯᠤᠨ ᠬᠠᠮᠵᠢᠯᠴᠠᠭᠤᠯᠬᠤ ᠶᠢ ᠳᠥᠯᠭᠢᠨ | ᠠᠬᠢᠭᠤᠯᠵᠤ᠂ ᠪᠤᠬᠢᠷᠳᠦᠯ ᠦᠭᠡᠢ ᠤᠰᠤᠲᠥ᠋ᠷᠥᠭᠴᠢ ᠶᠢ ᠦᠢᠯᠡᠳᠬᠦ ᠬᠠᠳᠠᠭᠠᠯᠠᠬᠤ ᠳᠠᠮᠵᠢᠭᠤᠯᠬᠤ ᠥᠪᠡᠷ ᠤᠨ | ᠥᠷᠲᠡᠭ ᠢ ᠪᠠᠭᠤᠷᠠᠭᠤᠯᠬᠤ ᠬᠡᠷᠡᠭᠳᠡᠢ᠃ ᠬᠤᠶᠠᠷ ᠲᠤ᠂ ᠤᠰᠤᠲᠥ᠋ᠷᠥᠭᠴᠢ ᠶᠢᠨ ᠡᠨᠧᠷᠭᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠤᠬᠢᠷᠳᠦᠯ ᠦᠭᠡᠢ ᠤᠰᠤᠲᠥ᠋ᠷᠥᠭᠴᠢ ᠶᠢ | ᠳᠡᠯᠭᠡᠷᠡᠭᠦᠯᠦᠨ ᠬᠡᠷᠡᠭᠯᠡᠬᠦ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠳᠡᠢ᠃ ᠭᠤᠷᠪᠠ ᠳᠤ᠂ ᠤᠰᠤᠲᠥ᠋ᠷᠥᠭᠴᠢ ᠶᠢᠨ | ᠡᠨᠧᠷᠭᠢ ᠶᠢᠨ ᠳᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠤᠬᠢᠷᠳᠦᠯ ᠦᠭᠡᠢ | ᠤᠰᠤᠲᠥ᠋ᠷᠥᠭᠴᠢ ᠶᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠳᠡᠢ ᠭᠡᠪᠡ᠃ | | ᠰᠢᠤᠢ ᠵᠦᠸᠧ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ | ᠰᠡᠳᠭᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠠ ᠪᠣᠳᠠᠲᠠᠢ᠂ ᠴᠤᠭ ᠰᠦᠯᠳᠡ ᠪᠠᠨ | ᠪᠠᠳᠠᠷᠠᠭᠤᠯᠤᠭᠰᠠᠨ ᠰᠠᠶᠢᠨ ᠢᠯᠡᠳᠭᠡᠯ ᠪᠣᠯᠤᠨ᠎ᠠ᠂ ᠪᠢ ᠡᠨᠡᠬᠦ ᠢᠯᠡᠳᠭᠡᠯ ᠢ ᠪᠦᠷᠢᠮᠦᠰᠦᠨ ᠵᠥᠪᠰᠢᠶᠡᠷᠡᠨ᠎ᠡ᠃ ᠪᠦᠬᠦ | ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠦ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ | ᠴᠤᠭᠴᠠᠯᠠᠬᠤ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠭᠠᠳ ᠦᠷ᠎ᠡ ᠪᠦᠲᠦᠭᠡᠯ ᠭᠠᠷᠭᠠᠬᠤ ᠬᠡᠷᠡᠭᠳᠡᠢ | ᠃ ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠬᠤᠶᠠᠷ ᠲᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠨ᠎ᠠ᠃ ᠭᠤᠷᠪᠠ ᠳᠤ᠂ ᠲᠥᠪ ᠭᠤᠣᠯᠴᠢ ᠪᠠᠷ | ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠲᠦᠷᠪᠡ ᠳᠤ᠂ ᠪᠡᠷᠬᠡ ᠶᠢ ᠲᠤᠭᠤᠯᠤᠨ ᠪᠡᠷᠬᠡ ᠶᠢ ᠳᠠᠪᠠᠭ᠋ᠤ ᠶᠢ ᠪᠠᠷᠢᠮᠲᠠᠯᠠᠨ᠎ᠠ | ᠃ ᠲᠠᠪᠤ ᠳᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠬᠤ ᠶᠢ ᠴᠢᠬᠤᠯᠠᠴᠢᠯᠠᠨ᠎ᠠ ᠭᠡᠪᠡ᠃ | ᠸᠠᠩ ᠰᠢᠶᠤᠤ ᠬᠤᠸᠠᠨ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ | ᠢᠯᠡᠳᠭᠡᠯ ᠳᠤ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠵᠢᠯ ᠢᠶᠠᠨ ᠪᠦᠬᠦ ᠲᠠᠯ᠎ᠠ ᠪᠠᠷ | ᠰᠢᠰᠲ᠋ᠧᠮ ᠲᠠᠢ ᠪᠠᠶᠢᠷᠢᠯᠠᠭᠤᠯᠪᠠ᠂ ᠪᠢ ᠡᠨᠡᠬᠦ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠠᠴᠠ ᠬᠢᠩᠭᠠᠨ ᠠᠶᠢᠮᠠᠭ ᠤᠨ ᠤᠯᠠᠭᠠᠨᠬᠤᠲᠠ ᠠᠴᠠ ᠷᠠᠰᠢᠶᠠᠨ ᠬᠥᠷᠬᠦ ᠬᠡᠰᠡᠭ ᠤᠨ ᠠᠵᠢᠯᠯᠠᠭᠠᠨ ᠤ | ᠲᠡᠷᠭᠡ ᠵᠢᠯᠣᠭᠤᠳᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠬᠤ ᠶᠢ ᠳᠡᠮᠵᠢᠬᠦ ᠶᠢ ᠰᠠᠨᠠᠭᠤᠯᠵᠦ ᠪᠤᠢ ᠭᠡᠪᠡ᠃ | ᠮᠠ ᠮᠧᠩ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠴᠢᠨᠠᠷ | ᠰᠠᠶᠢᠲᠠᠢ ᠬᠥᠭᠵᠢᠯᠲᠡ ᠶᠢᠨ ᠬᠠᠷᠢᠭᠤᠴᠠᠯᠭ᠎ᠠ ᠡᠭᠦᠷᠭᠡᠯᠡᠯ ᠢ ᠪᠦᠬᠦ ᠲᠠᠯ᠎ᠠ ᠪᠠᠷ ᠢᠯᠡᠷᠡᠭᠦᠯᠵᠦ᠂ ᠦᠨᠡᠨᠬᠦ ᠠᠳᠬᠤᠵᠤ | ᠪᠣᠳᠠᠲᠠᠢ ᠠᠵᠢᠯᠯᠠᠬᠤ ᠪᠣᠳᠠᠲᠠᠢ ᠶᠢ ᠡᠷᠬᠢᠮᠯᠡᠬᠦ ᠰᠤᠷᠲᠠᠯ ᠢ ᠢᠯᠡᠷᠡᠭᠦᠯᠵᠡᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ | ᠃ ᠥᠪᠡᠷᠲᠡᠭᠡᠨ ᠵᠠᠰᠠᠬᠤ ᠣᠷᠣᠨ ᠠᠴᠠ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠲᠤᠰᠬᠠᠶ ᠪᠠᠯᠠ ᠮᠥᠩᠭᠦ ᠶᠢᠨ ᠳᠣᠲᠣᠷ᠎ᠠ ᠬᠢᠩᠭᠠᠨ ᠠᠶᠢᠮᠠᠭ ᠤᠨ ᠬᠤᠲᠠ ᠶᠢᠨ ᠭᠠᠵᠠᠷ | ᠳᠣᠤᠷᠠᠬᠢ ᠰᠠᠭᠤᠷᠢ ᠪᠡᠯᠡᠳᠭᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠰᠠᠨᠠᠭᠤᠯᠪᠠ ᠭᠡᠪᠡ᠃ | ᠬᠤᠷᠠᠯ ᠳᠤ᠂ ᠸᠠᠩ ᠯᠢ ᠵᠢᠶᠠ᠂ ᠰᠦᠨ ᠪᠥᠸᠧ᠂ ᠴᠢ ᠰᠢᠦᠸᠠᠢ ᠳ᠋ᠦᠩ᠂ ᠫᠢᠶᠣᠣ ᠴᠧᠩ ᠺᠦᠶ᠂ ᠸᠠᠩ | ᠷᠦᠩ ᠬᠤᠸᠠ ᠵᠡᠷᠭᠡ 18 ᠲᠥᠯᠥᠭᠡᠯᠡᠭᠴᠢ ᠪᠠᠰᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ | ᠲᠣᠭᠤᠷᠢᠨ ᠳᠤ ᠶᠠᠷᠢᠶ᠎ᠠ ᠲᠠᠯᠪᠢᠵᠤ᠂ ᠰᠠᠨᠠᠯ ᠰᠠᠨᠠᠭᠤᠯᠭ᠎ᠠ ᠳᠤᠷᠠᠳᠴᠠᠶ᠃ ︵ᠵᠠᠩ ᠸᠧᠶ ᠨᠠᠨ︶ | | | | | | |