| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ︽2024 ᠣᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠤᠨ ᠤᠷᠤᠯᠳᠤᠭᠠᠨ ᠤ ᠰᠢᠯᠢᠳᠡᠭ | ᠲᠦᠷᠦᠯ ᠵᠦᠢᠯ ᠤᠨ ᠨᠡᠷᠡᠰ︾ ᠢ ᠨᠡᠶᠢᠲᠡᠯᠡᠪᠡ᠃ ᠬᠢᠩᠭᠠᠨ ᠠᠶᠢᠮᠠᠭ ᠤᠨ 3 ᠪᠣᠯᠪᠠᠰᠤᠨ ᠤ ᠦᠢᠯᠡᠳᠦᠯᠭᠡ ᠶᠢᠨ | ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠦᠷᠦᠯ ᠵᠦᠢᠯ ᠳᠤ ᠰᠣᠩᠭᠤᠭᠳᠠᠵᠠᠢ᠂ ᠡᠭᠦᠨ ᠳᠤ | ︽ᠰᠢᠦᠸᠠᠢ ᠷᠦᠡᠭ ᠬᠤᠸᠠ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ ᠨᠢᠭᠡᠳᠦᠭᠡᠷ ᠳᠡᠰ ᠤᠨ ᠱᠠᠩᠨᠠᠯ | ᠬᠦᠷᠳᠡᠵᠥ᠂ ︽ᠡᠷᠳᠡᠮ ᠤᠯᠠᠮᠵᠢᠯᠠᠨ ᠮᠡᠳᠡᠯᠭᠡ ᠬᠦᠷᠭᠡᠬᠦ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ | ᠬᠤᠶᠠᠳᠤᠭᠠᠷ ᠳᠡᠰ ᠤᠨ ᠱᠠᠩᠨᠠᠯ ᠬᠦᠷᠳᠡᠵᠥ᠂ ︽ᠲᠣᠰᠬᠤᠨ ᠤ ᠰᠣᠨᠢᠨ ᠮᠡᠳᠡᠭᠡᠨ ᠤ ᠨᠡᠪᠲᠡᠷᠡᠭᠦᠯᠭᠡ︾ ᠪᠣᠯᠪᠠᠰᠤᠨ ᠤ | ᠦᠢᠯᠡᠳᠦᠯᠭᠡ ᠶᠢᠨ ᠲᠦᠷᠦᠯ ᠵᠦᠢᠯ ᠨᠢ ᠭᠤᠷᠪᠠᠳᠤᠭᠠᠷ ᠳᠡᠰ ᠤᠨ ᠱᠠᠩᠨᠠᠯ ᠬᠦᠷᠳᠡᠵᠡᠢ᠃ | 2022 ᠣᠨ ᠤ 10 ᠰᠠᠷ᠎ᠠ ᠠᠴᠠ ᠨᠠᠭᠠᠰᠢ᠂ ᠷᠠᠰᠢᠶᠠᠨ ᠬᠤᠲᠠ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ 300 ᠭᠠᠷᠤᠶ ᠬᠥᠮᠦᠨ ᠢᠶᠠᠷ ᠪᠦᠷᠢᠯᠳᠦᠭᠰᠡᠨ ︽ᠰᠢᠦᠸᠠᠢ ᠷᠦᠡᠭ ᠬᠤᠸᠠ︾ | ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠤᠨᠤᠯ ᠢ ᠤᠬᠠᠭᠤᠯᠤᠨ | ᠲᠠᠶᠢᠯᠪᠤᠷᠢᠯᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ︾᠂ ︽ᠡᠭᠦᠷᠢᠳᠡ ᠨᠠᠮ ᠢᠶᠠᠨ ᠳᠠᠭᠠᠬᠤ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ | ᠵᠡᠷᠭᠡ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠢ ᠲᠤᠬᠢᠷᠠᠭᠤᠯᠵᠤ᠂ ︽ᠵᠠᠬᠢᠶᠠᠯᠠᠭ᠎ᠠ ᠬᠢᠬᠦ᠂ ᠵᠠᠬᠢᠶᠠᠯᠠᠭ᠎ᠠ | ᠬᠦᠯᠢᠶᠡᠨ ᠠᠪᠬᠤ᠂ ᠵᠠᠬᠢᠶᠠᠯᠠᠭ᠎ᠠ ᠬᠦᠷᠭᠡᠬᠦ︾ ᠠᠷᠭ᠎ᠠ ᠬᠡᠯᠪᠡᠷᠢ ᠶᠢ ᠠᠪᠴᠤ᠂ ᠦᠨᠳᠦᠰᠦᠨ ᠱᠠᠲᠤᠨ ᠳᠤ ᠲᠦᠷᠦ ᠶᠢᠨ | ᠪᠤᠳᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠦᠷᠭᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ | ᠦᠨᠳᠦᠰᠦᠨ ᠱᠠᠲᠤᠨ ᠳᠤ ᠬᠥᠭᠵᠢᠶᠡᠨᠲᠡᠢ ᠪᠤᠯᠭᠠᠵᠠᠢ᠃ | 2024 ᠣᠨ ᠤ ᠡᠬᠢ ᠪᠠᠷ᠂ ᠤᠯᠠᠭᠠᠨᠬᠤᠲᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ᠂ ᠥᠷᠲᠡᠭᠡ ᠪᠣᠯᠤᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ | ︽ᠡᠷᠳᠡᠮ ᠤᠯᠠᠮᠵᠢᠯᠠᠨ ᠮᠡᠳᠡᠯᠭᠡ ᠬᠦᠷᠭᠡᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ | ᠵᠦᠢᠯ ᠢ ᠭᠠᠷᠭᠠᠵᠤ᠂ ᠰᠠᠶᠢᠨ ᠲᠤᠷᠠᠴᠤᠤᠯ ᠤᠨ ᠡᠩᠨᠡᠭᠡ ᠶᠢ ᠵᠣᠬᠢᠶᠠᠨ ᠪᠠᠶᠢᠭᠤᠯᠵᠤ ᠬᠡᠷᠡᠭᠯᠡᠭᠡᠨ ᠤ ᠨᠣᠮ ᠪᠢᠴᠢᠭ ᠢ | ᠨᠠᠷᠢᠨ ᠨᠢᠮᠪᠠᠶ ᠰᠢᠯᠢᠨ ᠰᠣᠩᠭᠤᠵᠤ ᠣᠯᠠᠨ ᠲᠦᠮᠡᠨ ᠤ ᠭᠠᠷ ᠲᠤ ᠬᠦᠷᠭᠡᠨ ᠦᠭᠴᠦ᠂ ᠭᠤᠤᠯ ᠰᠡᠳᠦᠪᠲᠦ | ᠤᠡᠭᠰᠢᠯᠭ᠎ᠠ ᠪᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠬᠥᠳᠡᠭᠡ ᠲᠣᠰᠬᠤᠨ ᠤ | ᠤᠩᠰᠢᠯᠭ᠎ᠠ ᠶᠢᠨ ︽ᠬᠠᠮᠤᠬ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠬᠥᠳᠡᠭᠡ ᠲᠣᠰᠬᠤᠨ ᠤ ᠣᠯᠠᠨ | ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ ︽ᠨᠣᠮ ᠤᠩᠰᠢᠬᠤ ᠳᠤᠷᠠᠲᠠᠶ᠂ ᠰᠠᠶᠢᠨ | ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | 2024 ᠣᠨ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠠᠴᠢᠶᠠᠯᠠᠪᠤᠷᠢ ᠪᠣᠯᠭᠠᠵᠤ᠂ ︽ᠲᠣᠰᠬᠤᠨ ᠤ ᠰᠤᠨᠢᠨ ᠮᠡᠳᠡᠭᠡᠨ ᠤ | ᠨᠡᠪᠲᠡᠷᠡᠭᠦᠯᠭᠡ︾ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢ ᠨᠠᠷᠢᠨ ᠨᠢᠮᠪᠠᠢ ᠪᠠᠶᠢᠭᠤᠯᠵᠤ᠂ ︽ | ᠲᠣᠰᠬᠤᠨ ᠤ ᠬᠥᠮᠦᠰ ᠲᠣᠰᠬᠤᠨ ᠤ ᠶᠠᠪᠤᠳᠠᠯ ᠢ ᠶᠠᠷᠢᠵᠤ᠂ ᠲᠣᠰᠬᠤᠨ ᠤ ᠶᠠᠪᠤᠳᠠᠯ ᠢᠶᠠᠷ ᠳᠡᠷᠭᠡᠳᠡᠬᠢ ᠬᠥᠮᠦᠰ ᠢᠶᠠᠨ | ᠬᠥᠮᠦᠵᠢᠭᠦᠯᠬᠦ︾ ᠪᠠᠷ ᠭᠤᠣᠯ ᠬᠡᠯᠪᠡᠷᠢ ᠪᠣᠯᠭᠠᠵᠤ᠂ ︽ᠲᠣᠰᠬᠤᠨ ᠤ ᠬᠥᠮᠦᠰ︾ ᠢᠶᠠᠷ ᠭᠤᠣᠯ ᠨᠡᠪᠲᠡᠷᠡᠭᠦᠯᠦᠭᠴᠢ | ᠪᠣᠯᠭᠠᠵᠤ᠂ ᠲᠣᠰᠬᠤᠨ ᠤ ᠰᠠᠶᠢᠨ ᠦᠯᠢᠭᠡᠷ ᠢ ᠠᠭᠤᠳᠠᠯᠵᠤ᠂ ᠲᠣᠰᠬᠤᠨ ᠤ ᠰᠠᠶᠢᠨ ᠬᠡᠪ ᠰᠤᠷᠲᠠᠯ ᠢ ᠪᠠᠳᠠᠷᠠᠭᠤᠯᠵᠤ᠂ | ᠠᠷᠠᠳ ᠤᠯᠠᠨ ᠲᠠᠢ ᠣᠶᠢᠷᠠᠲᠤᠬᠤ᠂ ᠠᠮᠢᠳᠤᠷᠠᠯ ᠲᠠᠢ ᠣᠶᠢᠷᠠᠲᠤᠬᠤ ᠶᠢ ᠦᠨᠡᠨᠬᠦ ᠪᠡᠶᠡᠯᠡᠭᠦᠯᠵᠦ᠂ ᠲᠣᠰᠬᠤᠨ ᠤ | ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠦᠨᠳᠦᠰᠦᠨ ᠱᠠᠲᠤᠨ ᠳᠤ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠤᠭᠰᠠᠨ ᠪᠠᠶᠢᠨ᠎ᠠ᠃ ︵ᠨᠢᠩᠵᠢᠨ︶ | | | | |