| ᠪᠣᠯᠪᠠᠰᠤᠷᠠᠯ ᠤᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠯᠣᠭᠤᠳᠣᠭᠴᠢ | ᠪᠠᠶᠢᠯᠳᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠴᠢᠳᠠᠪᠤᠷᠢ ᠶᠢ ᠪᠠᠳᠤᠯᠠᠬᠤ ᠪᠠᠷ ᠣᠶᠢᠷ᠎ᠠ ᠳᠤ᠂ ᠬᠢᠩᠭᠠᠨ | ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠡᠶ᠎ᠡ ᠶᠢᠨ ᠴᠢᠳᠠᠪᠤᠷᠢ ᠶᠢᠨ ᠰᠠᠭᠤᠷᠢ ᠶᠢ ᠴᠢᠩᠭ᠎ᠠ ᠠᠳᠬᠤᠨ᠂ ᠬᠡᠪ | ᠴᠢᠨᠠᠷ ᠪᠠ ᠴᠢᠳᠠᠪᠤᠷᠢ ᠪᠠᠨ ᠴᠢᠩᠭᠠᠷᠠᠭᠤᠯᠵᠤ᠂ ᠴᠡᠷᠢᠭ ᠪᠣᠯᠪᠠᠰᠤᠷᠠᠭᠤᠯᠬᠤ ᠪᠣᠳᠠᠲᠤ ᠦᠷ᠎ᠡ ᠪᠦᠲᠦᠮᠵᠢ ᠶᠢ | ᠲᠠᠰᠤᠷᠠᠯᠲᠠ ᠥᠬᠡᠶ ᠴᠢᠩᠭᠠᠷᠠᠭᠤᠯᠤᠨ᠂ ᠡᠪᠦᠯ ᠤᠨ ᠤᠯᠠᠷᠢᠯ ᠤᠨ ᠴᠡᠷᠢᠭ ᠪᠣᠯᠪᠠᠰᠤᠷᠠᠭᠤᠯᠬᠤ ᠬᠠᠯᠠᠭᠤᠨ | ᠥᠷᠨᠢᠯᠲᠡ ᠶᠢ ᠪᠥᠬᠦ ᠲᠠᠯ᠎ᠠ ᠪᠠᠷ ᠪᠣᠶ ᠪᠣᠯᠭᠠᠪᠠ᠃ | ᠨᠠᠮ ᠤᠨ ᠬᠤᠷᠢᠶ᠎ᠠ ᠶᠢᠨ ᠳᠠᠭᠠᠭᠤᠯᠤᠨ ᠪᠣᠯᠪᠠᠰᠤᠷᠠᠭᠤᠯᠬᠤ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ | ᠤᠬᠠᠭᠠᠨᠴᠢ ᠪᠠᠷ ᠳᠣᠭᠢᠷᠠᠭᠤᠯᠤᠨ ᠪᠠᠶᠢᠷᠢᠯᠠᠭᠤᠯᠪᠠ᠃ ᠰᠠᠯᠪᠤᠷᠢ ᠠᠩᠬᠢ ᠶᠢᠨ ᠨᠠᠮ ᠤᠨ ᠬᠤᠷᠢᠶ᠎ᠠ ᠡᠪᠦᠯ ᠤᠨ | ᠤᠯᠠᠷᠢᠯ ᠤᠨ ᠴᠡᠷᠢᠭ ᠪᠣᠯᠪᠠᠰᠤᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠶᠢᠴᠢᠯᠠᠨ | ᠪᠠᠶᠢᠷᠢᠯᠠᠭᠤᠯᠬᠤ ᠬᠤᠷᠠᠯ᠂ ᠸᠢᠳᠢᠣ᠋ ᠪᠠᠷ ᠠᠬᠢᠭᠤᠯᠬᠤ ᠬᠤᠷᠠᠯ ᠵᠡᠷᠭᠡ ᠶᠢ ᠬᠤᠷᠠᠯᠳᠤᠭᠤᠯᠵᠤ᠂ ᠵᠣᠬᠢᠶᠠᠨ ᠪᠠᠶᠢᠭᠤᠯᠵᠤ | ᠪᠣᠯᠪᠠᠰᠤᠷᠠᠭᠤᠯᠬᠤ ᠠᠷᠭ᠎ᠠ ᠶᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠵᠦ᠂ ︽ᠲᠣᠭᠲᠠᠭᠰᠠᠨ ᠴᠠᠭ ᠲᠤ | ᠲᠥᠪᠯᠡᠷᠡᠭᠦᠯᠦᠨ ᠪᠣᠯᠪᠠᠰᠤᠷᠠᠭᠤᠯᠬᠤ᠂ ᠪᠡᠶ᠎ᠡ ᠪᠠᠨ ᠳᠠᠭᠠᠭᠠᠵᠤ ᠪᠣᠯᠪᠠᠰᠤᠷᠠᠬᠤ᠂ ᠪᠦᠬᠦ ᠠᠵᠢᠯᠳᠠᠨ ᠢ ᠲᠣᠭᠲᠠᠭᠰᠠᠨ | ᠬᠤᠭᠤᠴᠠᠭ᠎ᠠ ᠲᠠᠢ ᠪᠠᠷ ᠰᠢᠯᠭᠠᠬᠤ︾ ᠪᠣᠯᠪᠠᠰᠤᠷᠠᠯ ᠤᠨ ᠵᠠᠭᠪᠤᠷ ᠢ ᠲᠣᠭᠲᠠᠭᠠᠪᠠ᠃ ᠰᠠᠯᠪᠤᠷᠢ ᠠᠩᠬᠢ ᠶᠢᠨ ᠨᠠᠮ ᠤᠨ | ᠬᠤᠷᠢᠶ᠎ᠠ ᠶᠢᠨ ᠪᠦᠷᠢᠯᠳᠦᠬᠦᠨ ᠲᠦᠷᠦᠭᠦᠯᠡᠨ ᠪᠣᠯᠪᠠᠰᠤᠷᠠᠯ ᠤᠨ ᠠᠵᠢᠯ ᠳᠤ ᠣᠷᠣᠯᠴᠠᠵᠤ᠂ ᠱᠠᠳᠤ ᠱᠠᠳᠤ ᠪᠠᠷ | ᠲᠠᠶᠢᠴᠢᠯᠠᠨ ᠪᠠᠶᠢᠷᠢᠯᠠᠭᠤᠯᠵᠤ᠂ ᠡᠯ᠎ᠡ ᠱᠠᠲᠤᠨ ᠤ ᠬᠢᠨ ᠤ ᠤᠶᠤᠨ ᠴᠢᠳᠠᠯ ᠢᠶᠠᠨ ᠦᠨᠡᠨᠬᠦ ᠭᠤᠣᠯ ᠡᠬᠦᠷᠭᠡ | ᠬᠠᠷᠢᠭᠤᠴᠠᠯᠭ᠎ᠠ ᠭᠤᠣᠯ ᠠᠵᠢᠯ ᠦᠢᠯᠡᠰ ᠲᠤ ᠲᠥᠪᠯᠡᠷᠡᠭᠦᠯᠬᠦ ᠶᠢ ᠬᠦᠳᠦᠯᠦᠨ ᠵᠢᠯᠣᠭᠤᠳᠴᠤ᠂ ᠵᠢᠯᠤᠭᠤᠳᠤᠬᠴᠢ | ᠪᠠᠶᠢᠯᠳᠤᠭᠴᠢᠳ ᠤᠨ ᠪᠣᠯᠪᠠᠰᠤᠷᠠᠯ ᠤᠨ ᠬᠠᠯᠠᠭᠤᠨ ᠰᠡᠳᠭᠢᠯᠭᠡ ᠶᠢ ᠬᠥᠭᠵᠢᠭᠡᠵᠦ᠂ ᠪᠣᠯᠪᠠᠰᠤᠷᠠᠯ ᠤᠨ ᠶᠠᠰᠤ ᠴᠢᠨᠠᠷ ᠢ | ᠳᠠᠰᠤᠷᠠᠯᠳᠠ ᠦᠬᠡᠢ ᠳᠡᠭᠡᠭᠰᠢᠯᠡᠭᠦᠯᠬᠦ ᠶᠢ ᠠᠬᠢᠭᠤᠯᠪᠠ᠃ | ᠪᠣᠳᠠᠲᠤ ᠪᠠᠶᠢᠯᠳᠤᠭᠠᠨ ᠤ ᠪᠣᠯᠪᠠᠰᠤᠷᠠᠯ ᠢ ᠭᠤᠣᠯᠳᠠᠯᠭ᠎ᠠ ᠲᠠᠢ ᠲᠤᠪᠤᠶᠢᠯᠭᠠᠵᠤ᠂ ᠢᠯᠠᠭᠤᠬᠰᠠᠨ ᠳᠠᠶᠢᠨ ᠬᠢᠬᠦ | ᠴᠢᠳᠠᠪᠤᠷᠢ ᠪᠠᠨ ᠳᠡᠭᠡᠭᠰᠢᠯᠡᠭᠦᠯᠪᠡ᠃ 5000 ᠮᠧᠲᠷ ᠤᠨ ᠭᠦᠶᠦᠯᠲᠡ᠂ 100 ᠮᠧᠲᠷ ᠤᠨ ᠬᠦᠨᠳᠦ ᠶᠢ ᠡᠭᠦᠷᠴᠦ | ᠭᠦᠶᠦᠬᠦ᠂ 200 ᠮᠧᠲᠷ ᠤᠨ ᠤᠮᠪᠠᠯᠲᠠ ᠵᠡᠷᠭᠡ ᠦᠨᠳᠦᠰᠦᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠢ | ᠯᠠᠪᠳᠠᠭᠤᠨ ᠢᠶᠠᠷ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ᠂ ᠪᠥᠬᠦ ᠪᠠᠶᠢᠯᠳᠤᠬᠴᠢ ᠶᠢ | ᠣᠷᠣᠯᠴᠠᠭᠤᠯᠵᠤ᠂ ᠪᠥᠬᠦ ᠬᠥᠮᠦᠰ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠴᠡᠷᠢᠭ | ᠪᠣᠯᠪᠠᠰᠤᠷᠠᠭᠤᠯᠬᠤ ᠠᠭᠤᠷ ᠠᠮᠢᠰᠬᠤᠯ ᠢ ᠬᠥᠭᠵᠢᠭᠡᠨ ᠲᠠᠢ ᠪᠣᠯᠭᠠᠪᠠ᠃ ᠪᠣᠳᠠᠲᠤ ᠰᠣᠷᠢᠯᠲᠠ ᠪᠣᠯᠪᠠᠰᠤᠷᠠᠯ ᠤᠨ | ᠲᠥᠰᠦᠯ ᠢ ᠲᠣᠭᠲᠠᠭᠠᠵᠤ᠂ ᠤᠰᠤᠨ ᠣᠷᠣᠨ᠂ ᠭᠠᠵᠠᠷ ᠬᠥᠳᠡᠯᠦᠯᠲᠡ᠂ ᠪᠣᠷᠣᠭᠠᠨ ᠴᠠᠰᠤ ᠮᠥᠰᠥᠲᠦᠯ ᠤᠨ ᠲᠤᠰᠬᠠᠢ | ᠠᠪᠤᠷᠠᠨ ᠲᠤᠰᠠᠯᠠᠬᠤ ᠡᠩᠨᠡᠭᠡ ᠶᠢᠨ ᠪᠣᠳᠠᠲᠤ ᠪᠠᠶᠢᠯᠳᠤᠭᠠᠨᠴᠢᠯᠠᠭᠰᠠᠨ ᠳᠠᠶᠢᠴᠢᠯᠠᠬᠤ ᠰᠣᠷᠢᠯᠲᠠ ᠶᠢ ᠨᠢᠭᠡᠳᠦᠯᠲᠡᠢ | ᠲᠥᠯᠥᠪᠵᠢᠭᠦᠯᠦᠨ ᠥᠷᠨᠢᠭᠦᠯᠵᠦ᠂ ᠡᠩᠨᠡᠭᠡ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠡ᠃ | ᠠᠮᠤᠷ ᠲᠦᠪᠰᠢᠨ ᠤ ᠬᠠᠮᠢᠶᠠᠷᠤᠯᠲᠠ ᠪᠣᠯᠪᠠᠰᠤᠷᠠᠯ ᠢ ᠰᠠᠶᠢᠲᠤᠷ ᠠᠳᠬᠤᠵᠤ᠂ ᠪᠣᠯᠪᠠᠰᠤᠷᠠᠯ ᠤᠨ ᠠᠮᠤᠷ | ᠲᠦᠪᠰᠢᠨ ᠢ ᠪᠠᠲᠤᠯᠠᠪᠠ᠃ ᠰᠠᠯᠪᠤᠷᠢ ᠠᠩᠭᠢ ︽ᠠᠮᠤᠷ ᠲᠦᠪᠰᠢᠨ ᠢ ᠲᠡᠷᠢᠭᠦᠨ ᠳᠤ ᠲᠠᠯᠪᠢᠵᠦ᠂ ᠤᠷᠢᠳᠴᠢᠯᠠᠨ | ᠰᠡᠷᠭᠡᠶᠢᠯᠡᠬᠦ ᠪᠠᠷ ᠭᠤᠤᠯ ᠪᠣᠯᠭᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ | ᠡ᠊ᠨᠳᠡᠯ ᠢ ᠰᠡᠷᠭᠡᠶᠢᠯᠡᠬᠦ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠡᠪᠦᠯ ᠤᠨ ᠤᠯᠠᠷᠢᠯ ᠤᠨ ᠴᠠᠭ | ᠠᠭᠤᠷ ᠤᠨ ᠣᠨᠴᠠᠯᠢᠭ ᠲᠤ ᠴᠢᠭᠯᠡᠭᠦᠯᠦᠨ᠂ ᠪᠤᠯᠪᠠᠰᠤᠷᠠᠯ ᠢ ᠵᠦᠶ ᠵᠣᠬᠢᠰᠲᠠᠶ ᠳᠣᠭᠢᠷᠠᠭᠤᠯᠤᠨ᠂ ᠪᠤᠯᠪᠠᠰᠤᠷᠠᠯ ᠤᠨ | ᠦᠷ᠎ᠠ ᠪᠦᠳᠤᠮᠵᠢ ᠶᠢ ᠬᠠᠮᠤᠬ ᠤᠨ ᠶᠡᠭᠡ ᠪᠤᠯᠭᠠᠬᠰᠠᠨ ᠪᠠᠶᠢᠨ᠎ᠠ᠃ ᠡᠯ᠎ᠡ ᠱᠠᠲᠤᠨ ᠤ ᠤᠳᠤᠷᠢᠳᠤᠯᠭ᠎ᠠ ᠨᠠᠷ ᠪᠦᠬᠦ | ᠶᠠᠪᠤᠴᠠ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠳᠠᠭᠠᠵᠤ ᠪᠣᠯᠪᠠᠰᠤᠷᠠᠭᠤᠯᠵᠤ᠂ ᠴᠡᠷᠢᠭ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠯᠪᠠᠰᠤᠷᠠᠯ ᠤᠨ ᠠᠮᠤᠷ ᠲᠦᠪᠰᠢᠨ ᠤ ᠳᠦᠷᠢᠮ ᠢ ᠴᠢᠩᠭ᠎ᠠ | ᠬᠡᠷᠡᠭᠵᠢᠭᠦᠯᠵᠦ᠂ ᠡ᠊ᠨᠳᠡᠯ ᠢ ᠰᠡᠷᠭᠡᠶᠢᠯᠡᠬᠦ ᠠᠵᠢᠯ ᠢ ᠢᠮᠠᠭᠲᠠ ᠪᠣᠯᠪᠠᠰᠤᠷᠠᠯ ᠤᠨ ᠪᠦᠬᠦ ᠶᠠᠪᠤᠴᠠ ᠳᠤ | ᠲᠤᠭᠤᠰᠢᠯᠠᠭᠤᠯᠵᠤ᠂ ᠪᠣᠯᠪᠠᠰᠤᠷᠠᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠠᠢ᠃ | ᠳᠠᠷᠠᠭᠠᠴᠢ ᠪᠠᠷ᠂ ᠬᠢᠨᠭ᠍ᠭᠠᠨ ᠠᠶᠢᠮᠠᠬ ᠤᠨ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠪᠤᠷᠠᠨ ᠳᠤᠰᠠᠯᠠᠬᠤ | ᠰᠠᠯᠪᠤᠷᠢ ᠠᠩᠭᠢ ᠨᠢ ᠳᠤᠰ ᠤᠳᠠᠭᠠᠨ ᠤ ᠡᠪᠦᠯ ᠤᠨ ᠤᠯᠠᠷᠢᠯ ᠤᠨ ᠪᠣᠯᠪᠠᠰᠤᠷᠠᠯ ᠢᠶᠠᠷ ᠬᠥᠲᠥᠯᠦᠮᠵᠢ ᠪᠣᠯᠭᠠᠵᠤ᠂ | ᠭᠤᠣᠯ ᠬᠦᠴᠦᠨ ᠴᠡᠷᠢᠭ ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠴᠡᠷᠢᠭ ᠪᠣᠯᠪᠠᠰᠤᠷᠠᠭᠤᠯᠬᠤ | ᠠᠷᠭ᠎ᠠ ᠪᠣᠯᠤᠨ ᠴᠡᠷᠢᠭ ᠪᠣᠯᠪᠠᠰᠤᠷᠠᠭᠤᠯᠬᠤ ᠠᠷᠭ᠎ᠠ ᠪᠠᠷᠢᠯ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ | ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠪᠠᠶᠢᠯᠳᠤᠭᠠᠨ ᠤ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ | ᠡᠩᠨᠡᠭᠡᠨ ᠤ ᠡᠯ᠎ᠡ ᠱᠠᠲᠤᠨ ᠤ ᠴᠢᠳᠠᠪᠤᠷᠢ ᠪᠣᠯᠤᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ | ᠨᠡᠩ ᠡᠷᠡᠰ ᠪᠠᠲᠤ᠂ ᠨᠡᠩ ᠴᠤᠭ ᠪᠠᠳᠠᠷᠠᠩᠭᠤᠢ ᠲᠠᠶᠢᠴᠢᠨ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠭᠦᠯᠬᠦ ᠪᠤᠯᠤᠨ᠎ᠠ᠃ ᠴᠢ ᠮᠢᠩ ᠮᠡᠳᠡᠭᠡᠯᠡᠪᠡ | | | | | | |