| | ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠨᠠᠷᠠᠲᠤ ᠲᠡᠮᠳᠡᠭ ᠢ | ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠼᠠᠢ ᠰᠢᠨ ᠤᠯᠤᠰ ᠤᠨ | ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠠᠴᠠ | ᠤᠯᠠᠭᠠᠨᠬᠤᠲᠠ · ᠪᠠᠶᠠᠨᠴᠠᠭᠠᠨ ᠠᠭᠤᠯᠠ ᠬᠤᠨᠳᠠᠭᠠᠲᠤ ᠲᠦᠷᠭᠡᠨ ᠲᠡᠰᠢᠯᠲᠡ ᠶᠢᠨ ᠤᠷᠤᠯᠳᠤᠭᠠᠨ ᠢ ᠡᠷᠭᠢᠯᠡᠪᠡ᠃ | ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠦ ᠭᠦᠸᠧ | ᠵᠥᠩ ᠵᠢᠴᠢ ᠠᠶᠢᠮᠠᠭ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ | ᠣᠷᠣᠯᠴᠠᠵᠠᠶ᠃ | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠮᠢᠷᠴᠢᠳ ᠤᠨ ᠲᠥᠯᠥᠭᠡᠯᠡᠭᠴᠢ᠂ ᠬᠢᠨᠠᠭᠴᠢ ᠶᠢᠨ ᠲᠥᠯᠥᠭᠡᠯᠡᠭᠴᠢ | ᠲᠠᠩᠭᠠᠷᠢᠭᠯᠠᠵᠤ᠂ ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠡᠬᠢᠯᠡᠯᠲᠡ ᠶᠢᠨ ᠦᠭᠡ | ᠬᠡᠯᠡᠵᠦ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠦ | ᠭᠦᠸᠧ ᠵᠥᠩ ᠤᠯᠠᠭᠠᠨᠬᠤᠲᠠ · ᠪᠠᠶᠠᠨᠴᠠᠭᠠᠨ ᠠᠭᠤᠯᠠ ᠬᠤᠨᠳᠠᠭᠠᠲᠤ ᠲᠦᠷᠭᠡᠨ ᠲᠡᠰᠢᠯᠲᠡ ᠶᠢᠨ ᠤᠷᠤᠯᠳᠤᠭᠠᠨ | ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | | | | | ᠱᠦᠩᠯᠦ ᠳᠤᠤᠭᠠᠷᠬᠤ ᠲᠠᠢ ᠵᠡᠷᠭᠡ᠂ ᠲᠠᠮᠢᠷᠴᠢᠳ ᠬᠠᠷᠪᠤᠭᠰᠠᠨ ᠰᠣᠮᠤ ᠰᠢᠭ᠋ ᠤᠷᠤᠭᠰᠢᠯᠠᠵᠤ᠂ | ᠬᠦᠳᠡᠯᠭᠡᠭᠡᠨ ᠨᠢ ᠴᠥᠮ ᠦᠵᠡᠭᠴᠢᠳ ᠤᠨ ᠠᠩᠬᠠᠷᠤᠯ ᠢ ᠲᠠᠲᠠᠨ᠎ᠠ ᠃ ᠰᠢᠭᠤᠳ ᠵᠠᠮ ᠳᠡᠭᠡᠷ᠎ᠠ ᠪᠦᠬᠦ | ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠮᠤᠷᠤᠶᠢᠬᠤ ᠦᠶᠡᠰ ᠥᠨᠳᠥᠷ ᠤᠷ᠎ᠠ ᠮᠡᠷᠭᠡᠵᠢᠯ ᠢ ᠢᠯᠡᠷᠡᠭᠦᠯᠵᠦ᠂ | ᠦᠵᠡᠭᠴᠢᠳ ᠲᠤ ᠨᠢᠭᠡᠨ ᠤᠳᠠᠭᠠᠨ ᠤ ᠭᠤᠶᠢᠳᠠ ᠰᠠᠶᠢᠬᠠᠨ ᠲᠦᠷᠭᠡᠨ ᠲᠡᠰᠢᠯᠲᠡ ᠶᠢᠨ ᠦᠵᠡᠮᠵᠢ ᠶᠢ ᠰᠣᠨᠢᠷᠬᠠᠭᠤᠯᠪᠠ | ᠃ | ︽ᠲᠦᠷᠭᠡᠨ ᠲᠡᠰᠢᠯᠲᠡ ᠪᠣᠯᠪᠠᠰᠤᠷᠠᠭᠠᠳ 4 ᠵᠢᠯ ᠪᠣᠯᠬᠤ ᠭᠡᠵᠦ ᠪᠠᠶᠢᠨ᠎ᠠ᠂ ᠡᠨᠡ ᠡᠳᠦᠷ ᠥᠪᠡᠷ ᠤᠨ | ᠠᠩᠭᠢ ᠶᠢᠨ ᠨᠥᠬᠦᠳ ᠲᠠᠢ ᠪᠠᠨ ᠬᠠᠮᠲᠤ ᠤᠷᠤᠯᠳᠤᠵᠤ᠂ ᠮᠠᠰᠢ ᠤᠳᠬ᠎ᠠ ᠠᠭᠤᠯᠭ᠎ᠠ ᠲᠠᠢ ᠪᠠᠶᠢᠨ᠎ᠠ᠂ ᠥᠨᠥᠳᠥᠷ | 500 ᠮᠧᠲᠷ ᠤᠨ ᠤᠷᠤᠯᠳᠤᠭᠠᠨ ᠳᠤ ᠮᠠᠩᠯᠠᠶᠢᠯᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ︾ ᠭᠡᠵᠦ | ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠹᠠᠩ ᠵᠧ ᠬᠡᠯᠡᠪᠡ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ 1000 ᠮᠧᠲᠷ ᠪᠠ 500 ᠮᠧᠲᠷ ᠤᠨ | ᠬᠤᠶᠠᠷ ᠤᠷᠤᠯᠳᠤᠭᠠᠨ ᠤ ᠲᠥᠷᠥᠯ ᠳᠣᠭᠢᠷᠠᠭᠤᠯᠵᠤ᠂ ᠤᠷᠤᠯᠳᠤᠭᠠᠨ ᠳᠤ ᠵᠠᠯᠠᠭᠤᠴᠤᠳ ᠪᠠᠭᠠᠴᠤᠳ ᠤᠨ | ᠳᠤᠭᠤᠶᠢᠯᠠᠩ ᠪᠠ ᠨᠠᠰᠤᠨ ᠳᠤ ᠬᠦᠷᠦᠭᠰᠡᠳ ᠤᠨ ᠳᠤᠭᠤᠶᠢᠯᠠᠩ ᠤᠨ ᠬᠤᠶᠠᠷ ᠶᠡᠭᠡ ᠤᠷᠤᠯᠳᠤᠭᠠᠨ ᠤ ᠲᠥᠷᠥᠯ | ᠵᠦᠢᠯ ᠢ ᠴᠢᠩᠭ᠎ᠠ ᠬᠤᠪᠢᠶᠠᠷᠢᠯᠠᠵᠤ᠂ ᠤᠷᠤᠯᠳᠤᠭᠠᠨ ᠤ ᠲᠥᠪ ᠭᠤᠤᠯᠴᠢ ᠴᠢᠨᠠᠷ ᠪᠠ ᠲᠤᠰᠬᠠᠶ ᠮᠡᠷᠭᠡᠵᠢᠯ ᠤᠨ ᠴᠢᠨᠠᠷ ᠢ | ᠦᠨᠡᠨ ᠬᠦ ᠪᠠᠲᠤᠯᠠᠪᠠ᠃ ᠱᠠᠩᠨᠠᠯ ᠤᠨ ᠲᠥᠷᠥᠯ ᠢ ᠲᠤᠬᠢᠷᠠᠭᠤᠯᠬᠤ ᠲᠠᠯ᠎ᠠ ᠪᠠᠷ᠂ ᠳᠤᠭᠤᠶᠢᠯᠠᠩ ᠪᠦᠷᠢ᠂ ᠲᠥᠷᠥᠯ | ᠵᠦᠢᠯ ᠨᠢᠭᠡᠪᠦᠷᠢ ᠳᠤ ᠴᠥᠮ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ | ᠳᠡᠰ ᠤᠨ ᠱᠠᠩᠨᠠᠯ ᠲᠣᠰ ᠪᠦᠷᠢ ᠨᠢᠭᠡ ᠨᠡᠷᠡᠰ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠭᠰᠠᠨ ᠪᠣᠶ ᠪᠥᠬᠦᠶ | ᠲᠠᠮᠢᠷᠴᠢᠳ ᠴᠥᠮ ᠱᠠᠩᠨᠠᠯ ᠭᠥᠷᠳᠡᠵᠦ ᠪᠣᠯᠤᠨ᠎ᠠ᠃ ᠲᠣᠰ ᠤᠳᠠᠭᠠᠨ ᠤ ᠤᠷᠤᠯᠳᠤᠭᠠᠨ ᠳᠤ 120 ᠭᠠᠷᠤᠶ | ᠲᠠᠮᠢᠷᠴᠢᠳ ᠢᠳᠡᠪᠬᠢᠲᠡᠶ ᠣᠷᠣᠯᠴᠠᠵᠤ᠂ ᠬᠤᠷᠳᠤᠴᠠ ᠪᠠ ᠣᠷᠭᠢᠯᠤᠮ᠎ᠠ ᠰᠡᠳᠬᠢᠯᠭᠡ ᠪᠠᠷ ᠪᠡᠶ᠎ᠡ ᠶᠢᠨ ᠲᠠᠮᠢᠷ ᠤᠨ | ᠵᠣᠷᠢᠭ ᠰᠠᠨᠠᠭ᠎ᠠ ᠶᠢ ᠢᠯᠡᠷᠡᠭᠦᠯᠵᠡᠢ᠃ | | | | | ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠷᠧᠨ ᠵᠢᠶᠠᠨ ᠹᠸᠢ᠂ ︽ | ᠤᠷᠤᠯᠳᠤᠭᠠᠨ ᠢ ᠳᠠᠭᠠᠵᠤ ᠵᠤᠭᠠᠴᠠᠬᠤ︾ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ ᠪᠠᠷ | ᠳᠠᠮᠵᠢᠨ᠂ ᠪᠠᠶᠠᠨᠴᠠᠭᠠᠨ ᠠᠭᠤᠯᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ | ᠤᠬᠠᠭᠤᠯᠤᠨ ᠲᠠᠨᠢᠯᠴᠠᠭᠤᠯᠵᠤ᠂ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ | ᠪᠦᠲᠦᠭᠡᠭᠳᠡᠬᠦᠨ ᠢ ᠪᠠᠶᠠᠯᠢᠭᠵᠢᠭᠤᠯᠬᠤ ᠪᠠᠷ ᠪᠠᠷᠠᠬᠤ ᠥᠬᠡᠶ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠵᠤᠵᠠᠭᠠᠨ | ᠪᠣᠯᠭᠠᠵᠤ ᠴᠢᠳᠠᠬᠤ ᠪᠠᠷ ᠪᠠᠷᠠᠬᠤ ᠥᠬᠡᠶ᠂ ᠪᠠᠰᠠ ᠣᠯᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ | ᠣᠷᠣᠯᠴᠠᠬᠤ ᠶᠢ ᠵᠣᠷᠢᠭᠵᠢᠭᠤᠯᠵᠤ᠂ ᠡᠭᠦᠨ ᠢᠶᠠᠷ ᠳᠡᠮᠵᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ | ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ | ᠴᠠᠰᠤᠨ ᠤ ᠵᠤᠭᠠᠴᠠᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠴᠢᠳᠠᠨ᠎ᠠ ᠭᠡᠵᠦ ᠢᠯᠡᠷᠬᠡᠶᠢᠯᠡᠵᠡᠢ᠃ | | |