| | 1 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ | ᠬᠤᠳᠠᠯᠳᠤᠭᠠᠴᠢᠳ ᠤᠨ ᠶᠡᠷᠦᠩᠬᠡᠶ ᠡᠪᠯᠡᠯ︶᠂ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠭᠤᠤᠯᠯᠠᠨ ᠡᠷᠭᠢᠯᠡᠵᠦ᠂ ᠭᠠᠢ ᠶᠠ ᠬᠤᠪᠢ ᠡᠵᠡᠮᠳᠡᠭᠰᠡᠨ ᠪᠦᠯᠦᠭᠯᠡᠯ ᠣᠯᠠᠨ ᠨᠢᠭᠡᠴᠢ ᠲᠠᠢ ᠬᠠᠮᠲᠤᠷᠠᠨ ᠡᠷᠭᠢᠯᠡᠭᠰᠡᠨ | ᠬᠢᠩᠭᠠᠨ ᠤ ᠴᠠᠭᠠᠨ ᠰᠠᠷ᠎ᠠ ᠶᠢᠨ ᠪᠠᠷᠠᠭᠠᠨ ᠤ ᠴᠤᠭᠯᠠᠭ᠎ᠠ ᠤᠯᠠᠭᠠᠨᠬᠤᠲᠠ ᠳᠤ ᠦᠪᠡᠳᠡᠭᠰᠢ ᠶᠡᠭᠡ ᠪᠠᠷ ᠡᠬᠢᠯᠡᠵᠦ᠂ | ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠺᠧ ᠢᠦᠶ ᠵᠢᠴᠢ | ᠠᠶᠢᠮᠠᠭ ᠬᠤᠲᠠ ᠶᠢᠨ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠲᠤᠰ ᠠᠵᠢᠯᠯᠠᠭ᠎ᠠ ᠳᠤ ᠣᠷᠣᠯᠴᠠᠵᠠᠶ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠩ ᠺᠧ ᠢᠦᠢ ᠵᠢᠴᠢ ᠠᠶᠢᠮᠠᠭ ᠬᠤᠳᠠ ᠶᠢᠨ ᠬᠠᠮᠢᠶ᠎ᠠ | ᠪᠦᠬᠦᠢ ᠨᠢᠭᠡᠴᠢ ᠶᠢᠨ ᠬᠠᠷᠢᠭᠤᠴᠠᠯᠭᠠᠲᠠᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠡᠬᠢᠯᠡᠯᠲᠡ ᠶᠢᠨ ᠶᠣᠰᠣᠯᠠᠯ ᠤᠨ | ᠲᠤᠤᠵᠠ ᠬᠠᠶᠢᠴᠢᠯᠠᠵᠤ᠂ ᠴᠠᠭᠠᠨ ᠰᠠᠷ᠎ᠠ ᠶᠢᠨ ᠪᠠᠷᠠᠭᠠᠨ ᠤ ᠨᠠᠶᠢᠷ ᠵᠢᠩᠬᠢᠨᠢ ᠪᠠᠷ ᠡᠬᠢᠯᠡᠵᠡᠢ᠃ | | | | | ᠲᠣᠰ ᠤᠳᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠨᠢ ᠬᠡᠷ ᠤᠨ ᠳᠣᠲᠤᠨ᠎ᠠ ᠭᠠᠳᠠᠨ᠎ᠠ | ᠨᠡᠶᠢᠲᠡ 500 ᠭᠠᠷᠤᠶ ᠳᠡᠯᠭᠡᠭᠦᠷ ᠭᠠᠷᠭᠠᠵᠤ᠂ ᠲᠠᠸᠠᠷ ᠤᠨ ᠲᠥᠷᠥᠯ ᠵᠦᠢᠯ ᠡᠯᠪᠡᠭ ᠪᠠᠶᠠᠯᠢᠭ ᠪᠥᠭᠡᠳ ᠣᠯᠠᠨ | ᠶᠠᠩᠵᠤ ᠶᠢᠨ ᠪᠠᠶᠢᠵᠤ᠂ ᠵᠢᠮᠢᠰ ᠲᠦᠭᠦᠬᠡᠶ ᠰᠣᠷᠭᠤᠭ ᠢᠳᠡᠭᠡᠨ᠂ ᠲᠠᠷᠢᠶᠠᠯᠠᠩ ᠤᠨ ᠣᠨᠴᠠ ᠭᠠᠷᠤᠯᠲᠠ᠂ ᠠᠮᠤ ᠲᠣᠰᠣ | ᠠᠷᠢᠬᠢ ᠤᠮᠳᠠᠭᠠᠨ᠂ ᠵᠢᠯ ᠤᠨ ᠪᠠᠷᠠᠭᠠᠨ ᠤ ᠪᠡᠯᠡᠭ ᠤᠨ ᠬᠠᠶᠢᠷᠴᠠᠭ ᠵᠡᠷᠭᠡ ᠵᠠᠭᠤ ᠭᠠᠷᠤᠶ ᠲᠥᠷᠥᠯ ᠢ ᠬᠠᠮᠤᠷᠴᠤ᠂ | ᠬᠡᠷᠡᠭᠯᠡᠭᠴᠢᠳ ᠤᠨ ᠣᠯᠠᠨ ᠡᠰᠢᠵᠢᠭᠰᠡᠨ᠂ ᠥᠪᠡᠷᠮᠢᠴᠡ᠂ ᠨᠢᠭᠡ ᠥᠷᠲᠡᠭᠡ ᠮᠠᠶ᠋ᠢᠭ ᠤᠨ ᠪᠠᠷᠠᠭ᠎ᠠ ᠬᠤᠳᠠᠯᠳᠤᠨ ᠠᠪᠬᠤ | ᠬᠡᠷᠡᠭᠴᠡᠭᠡ ᠶᠢ ᠭᠦᠢᠴᠡᠳ ᠬᠠᠩᠭᠠᠪᠠ᠃ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠷ ᠢᠷᠡᠭᠰᠡᠨ | ᠬᠤᠳᠠ ᠶᠢᠨ ᠠᠷᠠᠳ ᠲᠠᠰᠤᠷᠠᠯᠳᠡ ᠦᠭᠡᠢ ᠣᠯᠠᠰᠢᠷᠠᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ | ᠪᠢᠯᠬᠠᠵᠤ ᠪᠠᠶᠢᠯ᠎ᠠ᠃ | | | | | ︽ᠡᠨᠡ ᠵᠢᠯ ᠤᠨ ᠪᠠᠷᠠᠭᠠᠨ ᠤ ᠴᠤᠭᠯᠠᠭ᠎ᠠ ᠶᠢᠨ ᠤᠨ ᠠᠭᠤᠯᠭ᠎ᠠ ᠨᠢ ᠨᠡᠯᠢᠶᠡᠳ ᠪᠠᠶᠠᠯᠢᠭ᠂ ᠲᠥᠷᠥᠯ | ᠵᠦᠢᠯ ᠨᠢ ᠪᠦᠷᠢᠨ ᠭᠦᠢᠴᠡᠳ᠂ ᠪᠠᠰᠠ ᠨᠢᠭᠡ ᠦᠷᠲᠡᠭᠡ ᠮᠠᠶ᠋ᠢᠭ ᠤᠨ ᠦᠢᠯᠡᠴᠢᠯᠡᠭᠡ ᠲᠠᠢ ᠪᠠᠶᠢᠵᠤ᠂ ᠮᠠᠰᠢ | ᠬᠠᠨᠤᠮᠵᠢᠲᠠᠶ ᠪᠠᠶᠢᠨ᠎ᠠ︾ ᠬᠡᠵᠦ ᠤᠯᠠᠭᠠᠨᠬᠤᠲᠠ ᠶᠢᠨ ᠠᠷᠠᠳ ᠰᠢᠶᠧ ᠶᠢᠨ ᠯᠢᠩ ᠬᠡᠯᠡᠪᠡ᠃ | ᠣᠶᠢᠯᠠᠭᠠᠭᠰᠠᠨ ᠢᠶᠠᠷ᠂ ᠬᠢᠩᠭᠠᠨ ᠤ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠨᠢ 1 ᠰᠠᠷ᠎ᠠ ᠶᠢᠨ | 25 ᠤ ᠡᠳᠦᠷ ᠪᠣᠯᠲᠠᠯ᠎ᠠ ᠦᠷᠭᠦᠯᠵᠢᠯᠡᠵᠦ᠂ ᠨᠢᠭᠡ ᠥᠷᠲᠡᠭᠡ ᠮᠠᠶ᠋ᠢᠭ ᠤᠨ ᠪᠠᠷᠠᠭ᠎ᠠ ᠬᠤᠳᠠᠯᠳᠤᠨ ᠠᠪᠬᠤ ᠲᠠᠪᠴᠠᠩ ᠢ | ᠪᠠᠶᠢᠭᠤᠯᠬᠤ᠂ ᠰᠢᠨ᠎ᠡ ᠶᠢ ᠡᠭᠦᠳᠬᠦ ᠬᠡᠷᠡᠭᠯᠡᠭᠡᠨ ᠤ ᠪᠠᠶᠢᠳᠠᠯ ᠢ ᠪᠣᠢ ᠪᠣᠯᠭᠠᠬᠤ᠂ ᠪᠣᠷᠣᠯᠠᠭᠤᠯᠭ᠎ᠠ ᠶᠢ ᠠᠬᠢᠭᠤᠯᠬᠤ | ᠬᠠᠷᠠᠭᠠᠯᠵᠠᠯ ᠤᠨ ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ ᠪᠠᠷ ᠵᠢᠯ ᠤᠨ ᠪᠠᠷᠠᠭ᠎ᠠ ᠬᠤᠳᠠᠯᠳᠤᠨ ᠠᠪᠬᠤ ᠰᠢᠨ᠎ᠡ | ᠣᠶᠢᠯᠠᠭᠠᠯᠲᠠ ᠶᠢ ᠤᠯᠠᠮ ᠨᠢᠭᠡ ᠠᠯᠬᠤᠮ ᠬᠥᠭᠵᠢᠭᠡᠨ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ | ᠬᠥᠭᠵᠢᠭᠡᠵᠦ᠂ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ᠂ ᠤᠯᠠᠭᠠᠨᠬᠤᠲᠠ ᠶᠢᠨ ᠬᠡᠷᠡᠭᠯᠡᠭᠡᠨ ᠤ ᠵᠠᠬ᠎ᠠ | ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠪᠣᠯᠤᠨ᠎ᠠ᠃ | | | | | ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠠᠵᠤ | ᠠᠬᠤᠢ ᠶᠢᠨ ᠠᠵᠢᠯᠯᠠᠭᠠᠨ ᠤ ᠲᠠᠰᠤᠭ ᠤᠨ ᠬᠠᠷᠢᠭᠤᠴᠠᠯᠭᠠᠲᠠᠨ ᠴᠧᠨ ᠰᠢᠤᠢ᠂ ᠳᠠᠷᠠᠭᠠᠴᠢ ᠶᠢᠨ ᠠᠯᠬᠤᠮ ᠳᠤ᠂ | ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽ᠠᠷᠠᠳ ᠤᠯᠠᠨ ᠳᠤ | ᠦᠢᠯᠡᠴᠢᠯᠡᠵᠦ᠂ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠬᠦ︾ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ | ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠷᠬᠢᠯᠡᠵᠦ᠂ ᠤᠯᠠᠨ ᠲᠦᠮᠡᠨ ᠤ ᠬᠤᠳᠠᠯᠳᠤᠨ ᠠᠪᠬᠤ | ᠬᠡᠷᠡᠭᠴᠡᠭᠡ ᠶᠢ ᠬᠠᠩᠭᠠᠬᠤ ᠶᠢᠨ ᠬᠠᠮᠲᠤ ᠨᠡᠩ ᠤᠯᠠᠨ ᠰᠢᠯᠢᠳᠡᠭ ᠦᠢᠯᠡᠳᠬᠦᠨ ᠢ ᠵᠠᠬ᠎ᠠ ᠳᠤ ᠣᠷᠤᠭᠤᠯᠵᠤ᠂ ᠠᠵᠤ | ᠠᠬᠤᠶᠢᠯᠠᠯ ᠤᠨ ᠥᠷᠨᠢᠩᠭᠦᠢ ᠬᠥᠭᠵᠢᠯᠲᠡ ᠶᠢ ᠠᠬᠢᠭᠤᠯᠵᠤ᠂ ᠤᠯᠠᠭᠠᠨᠬᠤᠲᠠ ᠶᠢᠨ ᠠᠵᠤ ᠠᠬᠤᠢ ᠶᠢᠨ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠵᠡᠢ᠃ | | | |