| 1 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠤᠳᠤᠷᠢᠳᠤᠯᠭ᠎ᠠ ᠯᠢ ᠱᠢ ᠬᠠᠶ᠂ ᠢᠦᠶ ᠳ᠋ᠡ ᠮᠢᠩ᠂ | ᠯᠢ ᠶᠢᠩ ᠺᠦᠨ᠂ ᠸᠠᠩ ᠴᠢᠦ ᠨᠠᠷ ᠨᠢᠭᠡᠳᠦᠭᠡᠷ ᠹᠷᠣᠨᠲ ᠤᠨ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠵᠢᠴᠢ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷᠴᠤᠳ ᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠵᠢᠴᠢ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠪᠡ᠃ | | | | | ᠯᠢ ᠱᠢ ᠬᠠᠶ ᠨᠠᠷ ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠬᠤᠲᠠ ᠶᠢᠨ | ᠢᠯᠴᠢ ᠬᠠᠩᠭᠠᠬᠤ ᠰᠢᠲᠠᠮᠠᠬᠠᠶ ᠬᠡᠶ ᠶᠢᠨ ᠲᠠᠰᠤᠭ ᠢᠶᠠᠷ ᠬᠦᠷᠴᠦ᠂ ᠪᠥᠬᠦ ᠺᠠᠳ᠋ᠷ ᠠᠵᠢᠯᠲᠠᠨ ᠤ ᠰᠢᠷᠭᠠᠭᠤ | ᠴᠢᠷᠮᠠᠶᠢᠯᠭ᠎ᠠ ᠶᠢ ᠨᠤᠲᠠᠯᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠲᠠ ᠶᠢᠨ ᠳᠡᠳ᠋ ᠳᠠᠷᠤᠭ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠼᠦᠢ ᠶᠠᠨ ᠪᠥᠸᠧ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠢ ᠲᠥᠯᠥᠭᠡᠯᠡᠨ | ᠲᠣᠬᠤᠨᠢᠭᠤᠯᠪᠠ᠃ | ᠤᠯᠠᠭᠠᠨᠬᠤᠲᠠ ᠶᠢᠨ ᠯᠢᠦᠶ ᠵᠢᠶᠧ ᠾᠧᠩ ᠵᠢᠩ ᠣᠷᠴᠢᠨ ᠲᠣᠭᠤᠷᠢᠨ ᠤ ᠠᠷᠢᠭᠤᠨ ᠴᠡᠪᠡᠷ ᠤᠨ | ᠦᠢᠯᠡᠴᠢᠯᠡᠭᠡᠨ ᠤ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠳᠤ᠂ ᠯᠢ ᠱᠢ ᠬᠠᠶ ᠨᠠᠷ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠳ ᠤᠨ ᠠᠵᠢᠯ ᠤᠨ ᠣᠷᠴᠢᠨ ᠲᠣᠭᠤᠷᠢᠨ᠂ ᠬᠥᠳᠡᠯᠮᠦᠷᠢ ᠶᠢᠨ ᠬᠦᠴᠦᠯᠡᠴᠡ ᠵᠢᠴᠢ | ᠠᠰᠠᠷᠠᠮᠵᠢ ᠶᠢᠨ ᠬᠠᠷᠠᠭᠠᠯᠵᠠᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠪᠥᠬᠦ ᠺᠠᠳ᠋ᠷ ᠠᠵᠢᠯᠲᠠᠨ ᠤ | ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ | | | | | ᠳᠠᠷᠠᠭ᠎ᠠ ᠨᠢ᠂ ᠯᠢ ᠱᠢ ᠬᠠᠶ ᠤᠷᠢᠳ ᠬᠤᠵᠢᠳ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠬᠠᠶ | ᠵᠢᠶᠠᠩ ᠱᠧᠩ᠂ ᠬᠤᠤ ᠹᠧᠩ ᠰᠢᠶᠠᠩ᠂ ᠵᠢᠶᠤᠤ ᠹᠦ᠋ ᠴᠢᠨ ᠤ ᠭᠡᠷ ᠲᠤ ᠬᠦᠷᠴᠦ ᠲᠣᠬᠤᠨᠢᠭᠤᠯᠵᠤ᠂ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠴᠢᠬᠤᠯᠠᠴᠢᠯᠠᠬᠤ ᠶᠢᠨ ᠬᠠᠮᠲᠤ᠂ ᠤᠯᠠᠭᠠᠨᠬᠤᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠬᠠᠯᠠᠮᠵᠢᠯᠠᠨ | ᠳᠡᠮᠵᠢᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠦᠨ᠎ᠡ | ᠥᠷᠲᠡᠭ ᠲᠠᠢ ᠰᠡᠳᠬᠢᠴᠡ ᠪᠠ ᠰᠠᠨᠠᠭᠤᠯᠭ᠎ᠠ ᠬᠠᠩᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠶ᠃ | | | | | |