| | | ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠨᠠᠷᠠᠲᠤ ᠲᠡᠮᠳᠡᠭ ᠢ | ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠼᠠᠢ ᠰᠢᠨ ᠤᠯᠤᠰ ᠤᠨ | ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠠᠴᠠ ᠤᠯᠠᠭᠠᠨᠬᠤᠲᠠ | · ᠪᠠᠶᠠᠨᠴᠠᠭᠠᠨ ᠠᠭᠤᠯᠠ ᠬᠤᠨᠳᠠᠭᠠᠲᠤ ᠲᠦᠷᠭᠡᠨ ᠲᠡᠰᠢᠯᠲᠡ ᠶᠢᠨ ᠤᠷᠤᠯᠳᠤᠭᠠᠨ ᠢ ᠡᠷᠭᠢᠯᠡᠪᠡ᠃ ᠤᠯᠠᠭᠠᠨᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠦ ᠭᠦᠸᠧ ᠵᠥᠩ ᠵᠢᠴᠢ ᠠᠶᠢᠮᠠᠭ | ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ | | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠮᠢᠷᠴᠢᠳ ᠤᠨ ᠲᠥᠯᠥᠭᠡᠯᠡᠭᠴᠢ᠂ ᠬᠢᠨᠠᠭᠴᠢ ᠶᠢᠨ ᠲᠥᠯᠥᠭᠡᠯᠡᠭᠴᠢ | ᠲᠠᠩᠭᠠᠷᠢᠭᠯᠠᠵᠤ᠂ ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠡᠬᠢᠯᠡᠯᠲᠡ ᠶᠢᠨ ᠦᠭᠡ ᠬᠡᠯᠡᠵᠦ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠦ ᠭᠦᠸᠧ ᠵᠥᠩ ᠤᠯᠠᠭᠠᠨᠬᠤᠲᠠ · | ᠪᠠᠶᠠᠨᠴᠠᠭᠠᠨ ᠠᠭᠤᠯᠠ ᠬᠤᠨᠳᠠᠭᠠᠲᠤ ᠲᠦᠷᠭᠡᠨ ᠲᠡᠰᠢᠯᠲᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | | | | | | ᠱᠦᠩᠯᠦ ᠳᠤᠤᠭᠠᠷᠬᠤ ᠲᠠᠢ ᠵᠡᠷᠭᠡ᠂ ᠲᠠᠮᠢᠷᠴᠢᠳ ᠬᠠᠷᠪᠤᠭᠰᠠᠨ ᠰᠣᠮᠤ ᠰᠢᠭ᠋ ᠤᠷᠤᠭᠰᠢᠯᠠᠵᠤ᠂ ᠬᠦᠳᠡᠯᠭᠡᠭᠡᠨ ᠨᠢ | ᠴᠥᠮ ᠦᠵᠡᠭᠴᠢᠳ ᠤᠨ ᠠᠩᠬᠠᠷᠤᠯ ᠢ ᠲᠠᠲᠠᠨ᠎ᠠ ᠃ ᠰᠢᠭᠤᠳ ᠵᠠᠮ ᠳᠡᠭᠡᠷ᠎ᠠ ᠪᠦᠬᠦ ᠬᠦᠴᠦᠨ ᠢᠶᠠᠷ ᠢᠶᠠᠨ ᠰᠢᠪᠲᠤᠯᠤᠯᠲᠠ | ᠬᠢᠵᠦ᠂ ᠮᠤᠷᠤᠶᠢᠬᠤ ᠦᠶᠡᠰ ᠥᠨᠳᠥᠷ ᠤᠷ᠎ᠠ ᠮᠡᠷᠭᠡᠵᠢᠯ ᠢ ᠢᠯᠡᠷᠡᠭᠦᠯᠵᠦ᠂ ᠦᠵᠡᠭᠴᠢᠳ ᠲᠤ ᠨᠢᠭᠡᠨ ᠤᠳᠠᠭᠠᠨ ᠤ ᠭᠤᠶᠢᠳᠠ | ᠰᠠᠶᠢᠬᠠᠨ ᠲᠦᠷᠭᠡᠨ ᠲᠡᠰᠢᠯᠲᠡ ᠶᠢᠨ ᠦᠵᠡᠮᠵᠢ ᠶᠢ ᠰᠣᠨᠢᠷᠬᠠᠭᠤᠯᠪᠠ᠃ | ︽ᠲᠦᠷᠭᠡᠨ ᠲᠡᠰᠢᠯᠲᠡ ᠪᠣᠯᠪᠠᠰᠤᠷᠠᠭᠠᠳ 4 ᠵᠢᠯ ᠪᠣᠯᠬᠤ ᠭᠡᠵᠦ ᠪᠠᠶᠢᠨ᠎ᠠ᠂ ᠡᠨᠡ ᠡᠳᠦᠷ ᠥᠪᠡᠷ ᠤᠨ ᠠᠩᠭᠢ ᠶᠢᠨ | ᠨᠥᠬᠦᠳ ᠲᠠᠢ ᠪᠠᠨ ᠬᠠᠮᠲᠤ ᠤᠷᠤᠯᠳᠤᠵᠤ᠂ ᠮᠠᠰᠢ ᠤᠳᠬ᠎ᠠ ᠠᠭᠤᠯᠭ᠎ᠠ ᠲᠠᠢ ᠪᠠᠶᠢᠨ᠎ᠠ᠂ ᠥᠨᠥᠳᠥᠷ 500 ᠮᠧᠲᠷ ᠤᠨ | ᠤᠷᠤᠯᠳᠤᠭᠠᠨ ᠳᠤ ᠮᠠᠩᠯᠠᠶᠢᠯᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ︾ ᠭᠡᠵᠦ ᠤᠷᠤᠯᠳᠤᠭᠠᠨ ᠳᠤ ᠣᠷᠣᠯᠴᠠᠭᠰᠠᠨ | ᠲᠠᠮᠢᠷᠴᠢᠨ ᠹᠠᠩ ᠵᠧ ᠬᠡᠯᠡᠪᠡ᠃ | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ 1000 ᠮᠧᠲᠷ ᠪᠠ 500 ᠮᠧᠲᠷ ᠤᠨ ᠬᠤᠶᠠᠷ | ᠤᠷᠤᠯᠳᠤᠭᠠᠨ ᠤ ᠲᠥᠷᠥᠯ ᠳᠣᠭᠢᠷᠠᠭᠤᠯᠵᠤ᠂ ᠤᠷᠤᠯᠳᠤᠭᠠᠨ ᠳᠤ ᠵᠠᠯᠠᠭᠤᠴᠤᠳ ᠪᠠᠭᠠᠴᠤᠳ ᠤᠨ ᠳᠤᠭᠤᠶᠢᠯᠠᠩ ᠪᠠ | ᠨᠠᠰᠤᠨ ᠳᠤ ᠬᠦᠷᠦᠭᠰᠡᠳ ᠤᠨ ᠳᠤᠭᠤᠶᠢᠯᠠᠩ ᠤᠨ ᠬᠤᠶᠠᠷ ᠶᠡᠭᠡ ᠤᠷᠤᠯᠳᠤᠭᠠᠨ ᠤ ᠲᠥᠷᠥᠯ ᠵᠦᠢᠯ ᠢ ᠴᠢᠩᠭ᠎ᠠ | ᠬᠤᠪᠢᠶᠠᠷᠢᠯᠠᠵᠤ᠂ ᠤᠷᠤᠯᠳᠤᠭᠠᠨ ᠤ ᠲᠥᠪ ᠭᠤᠤᠯᠴᠢ ᠴᠢᠨᠠᠷ ᠪᠠ ᠲᠤᠰᠬᠠᠶ ᠮᠡᠷᠭᠡᠵᠢᠯ ᠤᠨ ᠴᠢᠨᠠᠷ ᠢ ᠦᠨᠡᠨ ᠬᠦ ᠪᠠᠲᠤᠯᠠᠪᠠ᠃ | ᠱᠠᠩᠨᠠᠯ ᠤᠨ ᠲᠥᠷᠥᠯ ᠢ ᠲᠤᠬᠢᠷᠠᠭᠤᠯᠬᠤ ᠲᠠᠯ᠎ᠠ ᠪᠠᠷ᠂ ᠳᠤᠭᠤᠶᠢᠯᠠᠩ ᠪᠦᠷᠢ᠂ ᠲᠥᠷᠥᠯ ᠵᠦᠢᠯ ᠨᠢᠭᠡᠪᠦᠷᠢ ᠳᠤ ᠴᠥᠮ | ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠲᠣᠰ ᠪᠦᠷᠢ ᠨᠢᠭᠡ | ᠨᠡᠷᠡᠰ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠭᠰᠠᠨ ᠪᠣᠶ ᠪᠥᠬᠦᠶ ᠲᠠᠮᠢᠷᠴᠢᠳ ᠴᠥᠮ ᠱᠠᠩᠨᠠᠯ ᠭᠥᠷᠳᠡᠵᠦ ᠪᠣᠯᠤᠨ᠎ᠠ᠃ | ᠲᠣᠰ ᠤᠳᠠᠭᠠᠨ ᠤ ᠤᠷᠤᠯᠳᠤᠭᠠᠨ ᠳᠤ 120 ᠭᠠᠷᠤᠶ ᠲᠠᠮᠢᠷᠴᠢᠳ ᠢᠳᠡᠪᠬᠢᠲᠡᠶ ᠣᠷᠣᠯᠴᠠᠵᠤ᠂ ᠬᠤᠷᠳᠤᠴᠠ ᠪᠠ | ᠣᠷᠭᠢᠯᠤᠮ᠎ᠠ ᠰᠡᠳᠬᠢᠯᠭᠡ ᠪᠠᠷ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠵᠡᠢ᠃ | | | | | | ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠷᠢᠨ | ᠪᠤᠰᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠷᠧᠨ ᠵᠢᠶᠠᠨ ᠹᠸᠢ᠂ ︽ᠤᠷᠤᠯᠳᠤᠭᠠᠨ ᠢ | ᠳᠠᠭᠠᠵᠤ ᠵᠤᠭᠠᠴᠠᠬᠤ︾ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ ᠪᠠᠷ ᠳᠠᠮᠵᠢᠨ᠂ ᠪᠠᠶᠠᠨᠴᠠᠭᠠᠨ | ᠠᠭᠤᠯᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ | ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ | ᠪᠠᠶᠠᠯᠢᠭᠵᠢᠭᠤᠯᠬᠤ ᠪᠠᠷ ᠪᠠᠷᠠᠬᠤ ᠥᠬᠡᠶ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠵᠤᠵᠠᠭᠠᠨ ᠪᠣᠯᠭᠠᠵᠤ ᠴᠢᠳᠠᠬᠤ ᠪᠠᠷ | ᠪᠠᠷᠠᠬᠤ ᠥᠬᠡᠶ᠂ ᠪᠠᠰᠠ ᠣᠯᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ | ᠡᠭᠦᠨ ᠢᠶᠠᠷ ᠳᠡᠮᠵᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ | ᠠᠬᠢᠭᠤᠯᠵᠤ᠂ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠤᠭᠠᠴᠠᠯ ᠳᠤ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠵᠦ ᠴᠢᠳᠠᠨ᠎ᠠ ᠭᠡᠵᠦ ᠢᠯᠡᠷᠬᠡᠶᠢᠯᠡᠵᠡᠢ᠃ | | | |