| 1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠤᠷᠤᠯᠴᠠᠭᠰᠠᠨ ᠬᠢᠩᠭᠠᠨ ᠠᠶᠢᠮᠠᠭ ᠲᠤ | ᠰᠠᠭᠤᠭ᠎ᠠ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠲᠤᠭᠤᠶᠢᠯᠠᠩ ᠬᠤᠪᠢᠶᠠᠨ | ᠵᠠᠰᠠᠭ ᠤᠨ ᠤᠷᠳᠤᠨ ᠤ ᠠᠵᠢᠯ ᠤᠨ ᠢᠯᠡᠳᠭᠡᠯ ᠶᠠᠷᠢᠯᠴᠠᠪᠠ᠃ ᠤᠯᠠᠨ ᠢᠶᠠᠷ ᠢᠶᠠᠨ᠂ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠤᠨ ᠠᠭᠤᠯᠭ᠎ᠠ ᠨᠢ ᠪᠦᠬᠦ ᠲᠠᠯ᠎ᠠ ᠶᠢ ᠬᠠᠮᠤᠷᠴᠦ᠂ ᠲᠤᠭ᠎ᠠ ᠪᠠᠷᠢᠮᠲᠠ ᠨᠢ ᠨᠠᠷᠢᠨ ᠪᠣᠳᠠᠲᠠᠢ᠂ | ᠭᠤᠣᠯᠳᠠᠯᠭ᠎ᠠ ᠶᠢ ᠲᠤᠪᠤᠶᠢᠯᠭᠠᠵᠦ᠂ ᠣᠨᠴᠠᠯᠢᠭ ᠢᠶᠠᠷ ᠢᠯᠡ ᠲᠣᠳᠣ᠂ ᠬᠢᠯᠠᠰ ᠴᠡᠭ ᠢᠶᠠᠷ ᠤᠯᠠᠨ᠂ ᠬᠥᠮᠦᠰ ᠤᠨ | ᠰᠡᠳᠭᠢᠯ ᠢ ᠨᠢᠭᠲᠠᠷᠠᠭᠤᠯᠤᠭᠰᠠᠨ ᠪᠠ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠬᠦᠨᠵᠡᠭᠡᠶᠢᠷᠡᠬᠦᠯᠬᠦ᠂ ᠴᠢᠨᠠᠷ | ᠰᠠᠶᠢᠳᠠᠢ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠭᠰᠠᠨ ᠠᠮᠵᠢᠯᠳᠠ ᠶᠢᠨ ᠬᠠᠭᠤᠳᠠᠰᠦ ᠪᠠᠶᠢᠵᠦ᠂ ᠪᠢᠳᠡᠡ ᠢ | ᠲᠦᠢᠯ ᠢᠶᠠᠷ ᠵᠤᠷᠢᠭᠵᠢᠭᠤᠯᠤᠨ ᠤᠷᠮᠠᠰᠢᠭᠤᠯᠵᠦ ᠪᠠᠶᠢᠨ᠎ᠡ ᠭᠡᠵᠦ ᠰᠠᠨᠠᠯ ᠨᠢᠭᠡᠳᠡᠢ ᠦᠵᠡᠪᠡ᠃ | ᠤᠯᠠᠭᠠᠨᠭᠡᠷᠡᠯ ᠭᠡᠰᠢᠬᠦᠨ᠄ | ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠨ ᠪᠤᠳᠠᠳᠠᠢ ᠶᠢ ᠡᠷᠬᠢᠮᠯᠡᠭᠰᠡᠨ ᠠᠷᠭ᠎ᠠ ᠤᠬᠠᠭᠠᠨ ᠭᠠᠷᠭᠠᠨ᠎ᠠ | ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ᠂ | ᠤᠯᠤᠰ ᠲᠦᠷᠦ ᠶᠢᠨ ᠵᠤᠭᠰᠤᠴᠠ ᠥᠨᠳᠥᠷ᠂ ᠠᠵᠢᠯ ᠤᠨ ᠰᠡᠳᠭᠢᠴᠡ ᠲᠣᠳᠣᠷᠬᠠᠢ᠂ ᠪᠦᠬᠦ ᠲᠠᠯ᠎ᠠ ᠶᠢ | ᠪᠤᠳᠤᠯᠬᠢᠯᠠᠭᠰᠠᠨ ᠪᠦᠭᠡᠳ ᠪᠤᠳᠠᠳᠠᠢ ᠳᠤ ᠰᠠᠭᠤᠷᠢᠯᠠᠵᠦ᠂ 2024 ᠣᠨ ᠤ ᠪᠦᠬᠦ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ 2025 | ᠣᠨ ᠤ ᠬᠠᠷᠠᠯᠲᠠ ᠡᠭᠦᠷᠭᠡ ᠶᠢ ᠲᠣᠳᠣᠷᠬᠠᠢ ᠪᠠᠶᠢᠷᠢᠯᠠᠭᠤᠯᠵᠠᠢ᠃ ᠠᠭᠤᠯᠭ᠎ᠠ ᠨᠢ ᠨᠠᠷᠢᠨ ᠪᠤᠳᠠᠳᠠᠢ᠂ ᠠᠷᠭ᠎ᠠ | ᠬᠡᠮᠵᠢᠶ᠎ᠡ ᠶᠢ ᠪᠤᠳᠠᠳᠠᠢ ᠶᠢ ᠡᠷᠬᠢᠮᠯᠡᠭᠰᠡᠨ ᠰᠠᠶᠢᠨ ᠢᠯᠡᠳᠭᠡᠯ ᠪᠤᠯᠤᠨ᠎ᠠ᠃ | ᠲᠤᠰ ᠤᠳᠠᠭ᠎ᠠ ᠶᠢᠨ ᠬᠤᠷᠠᠯ ᠳᠤ ᠪᠢ ᠬᠤᠶᠠᠷ ᠰᠠᠨᠠᠯ ᠳᠤᠷᠠᠳᠤᠯᠭ᠎ᠠ ᠶᠢ ᠠᠪᠴᠢᠷᠠᠪᠠ᠄ ᠨᠢᠭᠡ ᠳᠤ᠂ | ᠬᠦᠳᠡᠭᠡ ᠲᠤᠰᠬᠤᠨ ᠤ ᠠᠵᠦ ᠠᠬᠤᠶᠢᠯᠠᠯ ᠳᠤ ᠬᠦᠴᠦᠨ ᠨᠡᠮᠡᠷᠢᠯᠡᠵᠦ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠶᠢ ᠠᠬᠢᠭᠤᠯᠤᠨ᠎ᠠ᠃ ᠵᠤᠷᠢᠯᠭ᠎ᠠ ᠨᠢ ᠬᠦᠳᠡᠭᠡ ᠲᠤᠰᠬᠤᠨ ᠤ ᠠᠵᠦ ᠠᠬᠤᠶᠢᠯᠠᠯ ᠤᠨ ᠬᠦᠭᠵᠢᠯᠳᠡ ᠳᠤ | ᠬᠦᠴᠦᠨ ᠨᠡᠮᠡᠷᠢᠯᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠤᠨᠤᠴᠠᠳᠠᠢ ᠬᠡᠷᠡᠭᠵᠢᠬᠦᠯᠬᠦ ᠶᠢ ᠠᠬᠢᠭᠤᠯᠬᠤ ᠶᠢᠨ ᠲᠦᠯᠦᠭᠡ ᠶᠤᠮ︔ ᠬᠤᠶᠠᠷ ᠲᠤ᠂ ᠨᠠᠰᠤᠵᠢᠯ ᠤᠨ ᠠᠵᠢᠯ ᠢ | ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠨᠠᠰᠤᠳᠠᠳ ᠢ ᠨᠡᠩ ᠢᠯᠡᠬᠦᠦ ᠠᠩᠬᠠᠷᠴᠦ᠂ ᠨᠠᠰᠤᠵᠢᠯ ᠤᠨ | ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ | ᠰᠢᠨ᠎ᠡ ᠨᠢᠭᠡ ᠵᠢᠯ ᠳᠤ᠂ ᠪᠢ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠢᠳᠡᠪᠬᠢᠲᠡᠢ ᠪᠠᠷ | ᠰᠢᠨᠵᠢᠯᠡᠨ ᠪᠠᠶᠢᠴᠠᠭᠠᠨ ᠵᠦᠪᠳᠡᠯᠴᠡᠵᠦ᠂ ᠦᠨᠳᠦᠰᠦᠨ ᠱᠠᠲᠤᠨ ᠤ ᠤᠯᠠᠨ ᠲᠦᠮᠡᠨ ᠤ ᠲᠤᠮᠳᠠ ᠬᠦᠨᠵᠡᠭᠡᠶᠢᠷᠡᠨ᠂ | ᠠᠷᠠᠳ ᠤᠨ ᠪᠠᠶᠢᠳᠠᠯ ᠰᠠᠨᠠᠯ ᠰᠠᠨᠠᠭᠤᠯᠭ᠎ᠠ ᠶᠢ ᠲᠤᠰᠬᠠᠵᠤ᠂ ᠪᠣᠳᠠᠲᠠᠢ ᠶᠢ ᠡᠷᠬᠢᠮᠯᠡᠭᠰᠡᠨ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠵᠤ᠂ ᠠᠵᠦ ᠠᠬᠤᠢ ᠶᠢᠨ ᠬᠦᠭᠵᠢᠯᠳᠡ᠂ ᠠᠷᠠᠳ ᠤᠨ ᠠᠮᠢᠳᠤᠷᠠᠯ ᠤᠨ ᠰᠠᠶᠢᠵᠢᠷᠠᠯᠳᠠ ᠪᠠ | ᠨᠡᠶᠢᠭᠡᠮ ᠤᠨ ᠵᠠᠰᠠᠯᠳᠠ ᠳᠤ ᠬᠦᠴᠦᠨ ᠴᠢᠳᠠᠯ ᠢᠶᠠᠨ ᠡᠷᠬᠦᠨ᠎ᠡ ᠭᠡᠪᠡ᠃ | ᠵᠠᠩ ᠭᠥᠸᠧ ᠵᠢᠶᠦ᠋ᠨ ᠭᠡᠰᠢᠭᠦᠨ᠄ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠢᠳᠠᠪᠤᠷᠢ ᠶᠢ ᠠᠬᠢᠭᠤᠯᠤᠨ | ᠴᠢᠨᠠᠷ ᠰᠠᠶᠢᠳᠠᠢ ᠬᠦᠭᠵᠢᠯᠳᠡ ᠳᠤ ᠬᠦᠴᠦᠨ ᠨᠡᠮᠡᠷᠢᠯᠡᠨ᠎ᠡ | ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ | ᠰᠤᠨᠤᠰᠤᠭᠠᠳ ᠪᠢ ᠮᠠᠰᠢ ᠶᠡᠭᠡ ᠵᠤᠷᠢᠭᠵᠢᠵᠠᠢ᠃ ᠢᠯᠡᠳᠭᠡᠯ ᠳᠤ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ | ᠨᠡᠭᠡᠭᠡᠵᠦ ᠲᠤᠮᠳᠠ ᠲᠦᠪᠰᠢᠨ ᠳᠤ ᠤᠷᠤᠬᠤ︾ ᠬᠠᠷᠠᠯᠳᠠ ᠶᠢᠨ ᠲᠤᠬᠠᠢ ᠡᠷᠡᠰ ᠪᠠᠳᠦ ᠢᠳᠡᠭᠡᠯ ᠵᠤᠷᠢᠭ ᠢ | ᠭᠥᠪᠴᠢᠯᠡᠭᠦᠯᠵᠥ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ᠂ ᠴᠠᠭ ᠪᠢᠳᠡᠨ ᠢ ᠬᠦᠯᠢᠶᠡᠬᠦ ᠦᠭᠡᠢ ᠠᠵᠢᠯ | ᠬᠢᠬᠦ ᠣᠷᠭᠢᠯᠤᠮ᠎ᠠ ᠰᠡᠳᠭᠢᠯᠭᠡ ᠪᠠᠷ ᠪᠢᠯᠬᠠᠵᠤ᠂ ᠭᠤᠣᠯ ᠰᠡᠳᠦᠪ ᠢᠯᠡ ᠲᠣᠳᠣ᠂ ᠬᠠᠷᠠᠯᠲᠠ ᠪᠣᠳᠠᠲᠠᠢ ᠶᠢ | ᠡᠷᠬᠢᠮᠯᠡᠭᠰᠡᠨ ᠰᠠᠶᠢᠨ ᠢᠯᠡᠳᠭᠡᠯ ᠪᠤᠯᠤᠭᠰᠠᠨ ᠪᠠᠶᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | ᠪᠤᠯᠤᠭᠰᠠᠨ ᠤ ᠬᠤᠪᠢ ᠳᠤ᠂ ᠢᠯᠡᠳᠭᠡᠯ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠳᠡ | ᠰᠢᠪᠳᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠬᠤ ᠲᠤᠬᠠᠶ ᠴᠢᠬᠤᠯᠠ ᠥᠭᠦᠯᠡᠯᠲᠡ ᠶᠢ ᠭᠤᠣᠯᠳᠠᠯᠭ᠎ᠠ ᠲᠠᠢ | ᠰᠤᠳᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ | ᠪᠠᠶᠢᠭ᠎ᠠ ᠶᠠᠪᠤᠳᠠᠯ ᠮᠥᠨ᠂ ᠰᠢᠨ᠎ᠡ ᠶᠢ ᠡᠭᠦᠳᠬᠦ ᠪᠣᠯ ᠳᠠᠷᠤᠶ ᠢᠷᠡᠭᠡᠳᠦᠶ ᠶᠢ ᠪᠣᠳᠣᠯᠬᠢᠯᠠᠵᠤ ᠪᠠᠶᠢᠭ᠎ᠠ ᠶᠠᠪᠤᠳᠠᠯ ᠮᠥᠨ︾ | ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠠᠭᠤᠷᠢ ᠰᠤᠳᠤᠯᠤᠨ᠂ ᠠᠵᠤ ᠦᠢᠯᠡᠰ ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠨ᠎ᠡ ᠴᠢᠨᠠᠷ ᠪᠦ᠋ᠬᠦᠢ | ᠦᠢᠯᠡᠳᠪᠦᠷᠢᠯᠡᠯ ᠤᠨ ᠬᠦᠴᠦᠨ ᠢ ᠬᠦᠭᠵᠢᠬᠦᠯᠬᠦ ᠶᠢ ᠲᠦᠷᠭᠡᠳᠭᠡᠵᠦ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠪᠠ ᠤᠳᠤᠬᠢᠴᠢᠯᠠᠭᠰᠠᠨ ᠠᠵᠦ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ | ᠬᠦᠭᠵᠢᠬᠦᠯᠵᠦ᠂ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ᠂ | ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠵᠡᠷᠭᠡ ᠬᠦᠷᠢᠶᠡᠨ ᠤ ᠭᠤᠣᠯᠯᠠᠭᠴᠢ ᠮᠡᠷᠭᠡᠵᠢᠯ ᠤᠨ | ᠰᠢᠪᠲᠤᠯᠤᠯᠲᠠ ᠶᠢ ᠤᠯᠵᠦ᠂ ᠤᠷᠳᠦ ᠬᠤᠭᠤᠴᠠᠭ᠎ᠠ ᠪᠠᠷ ᠪᠠᠷᠢᠮᠳᠠᠯᠠᠨ ᠴᠢᠷᠮᠠᠶᠢᠨ ᠠᠵᠢᠯᠯᠠᠵᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃ | ᠠᠶ ᠢᠩ ᠹᠧᠩ ᠭᠡᠰᠢᠬᠦᠨ᠄ | ᠲᠤᠨᠤᠭ ᠲᠦᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ ᠡᠮᠴᠢᠯᠡᠭᠡᠨ ᠤ ᠦᠷ᠎ᠠ ᠪᠦᠳᠦᠮᠵᠢ ᠶᠢ | ᠲᠡᠭᠡᠭᠰᠢᠯᠡᠬᠦᠯᠦᠨ᠎ᠡ | ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ | ᠰᠤᠨᠤᠰᠤᠭᠠᠳ᠂ ᠶᠡᠷᠦᠩᠬᠡᠢ ᠳᠡᠭᠡᠨ ᠤᠯᠤᠰ ᠲᠦᠷᠦ ᠶᠢᠨ ᠵᠤᠭᠰᠤᠴᠠ ᠦᠨᠳᠦᠷ᠂ ᠠᠮᠵᠢᠯᠳᠠ ᠪᠦᠳᠦᠮᠵᠢ ᠶᠢ | ᠳ᠋ᠦᠩᠨᠡᠭᠰᠡᠨ ᠨᠢ ᠦᠨᠡᠨ ᠪᠤᠳᠠᠳᠠᠢ᠂ ᠬᠢᠯᠠᠰ ᠴᠡᠭ ᠤᠯᠠᠨ ᠪᠠᠶᠢᠵᠦ᠂ ᠰᠢᠨ᠎ᠡ ᠠᠶᠠᠨ ᠵᠠᠮ ᠳᠤ ᠡᠷᠡᠯᠬᠡᠭᠯᠡᠨ | ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ︽ᠳᠠᠭᠠᠷᠢᠯᠲᠠ ᠶᠢᠨ ᠪᠦᠷᠢᠶ᠎ᠡ︾ ᠪᠣᠯᠤᠭᠰᠠᠨ | ᠪᠠᠶᠢᠨ᠎ᠠ᠃ | ︽ᠣᠯᠠᠨ ᠲᠦᠮᠡᠨ ᠢ ᠭᠡᠷ ᠤᠨ ᠡᠭᠦᠳᠡᠨ ᠳᠡᠭᠡᠨ ᠡᠪᠡᠳᠴᠢᠨ ᠢᠶᠠᠨ ᠰᠠᠶᠢᠨ ᠦᠵᠡᠭᠦᠯᠵᠦ ᠲᠡᠶᠢᠯᠬᠦ ᠪᠤᠯᠭᠠᠬᠤ | ᠬᠡᠷᠡᠭᠳᠡᠢ︾ ᠭᠡᠵᠦ ᠢᠯᠡᠳᠭᠡᠯ ᠳᠤ ᠳᠤᠷᠠᠳᠤᠭᠰᠠᠨ ᠪᠠᠶᠢᠨ᠎ᠠ᠃ ᠡᠨᠡ ᠨᠢ ᠮᠠᠨ ᠤ ᠡᠮ ᠡᠮᠨᠡᠯᠭᠡ ᠶᠢᠨ ᠦᠢᠯᠡᠰ ᠤᠨ | ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠢᠶᠠᠷ ᠪᠠᠷᠠᠬᠤ ᠦᠭᠡᠢ ᠨᠡᠩ ᠴᠤ ᠠᠷᠠᠳ ᠤᠯᠠᠨ ᠤ | ᠡᠷᠡᠭᠦᠯ ᠮᠡᠨᠳᠦ ᠢ ᠴᠢᠬᠤᠯᠠᠴᠢᠯᠠᠵᠤ ᠪᠠᠶᠢᠭ᠎ᠠ ᠶᠠᠪᠤᠳᠠᠯ ᠪᠣᠯᠤᠨ᠎ᠠ᠂ ᠡᠮ ᠡᠮᠨᠡᠯᠭᠡ ᠶᠢᠨ ᠬᠦᠷᠢᠶᠡᠨ ᠤ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠢ ᠶᠡᠬᠡᠳᠡ ᠵᠣᠷᠢᠭᠵᠢᠵᠤ ᠪᠠᠶᠢᠬᠤ ᠪᠥᠭᠡᠳ | ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠭᠡᠵᠦ ᠪᠤᠳᠤᠵᠤ ᠪᠠᠶᠢᠨ᠎ᠠ᠃ | ᠡᠨᠡ ᠵᠢᠯ ᠪᠢ ᠡᠮ ᠡᠮᠨᠡᠯᠭᠡ ᠶᠢᠨ ᠭᠤᠣᠯ ᠰᠡᠳᠦᠪ ᠤᠨ ᠲᠣᠭᠤᠷᠢᠨ ᠳᠤ ᠬᠤᠶᠠᠷ ᠰᠠᠨᠠᠯ ᠳᠤᠷᠠᠳᠤᠯᠭ᠎ᠠ | ᠳᠡᠪᠰᠢᠭᠦᠯᠪᠡ᠄ ᠨᠢᠭᠡ ᠳᠤ᠂ ᠡᠮ ᠡᠮᠨᠡᠯᠭᠡ ᠶᠢᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠪᠠ ᠬᠠᠮᠢᠶᠠᠷᠤᠯᠳᠠ ᠶᠢ | ᠴᠢᠩᠭᠠᠳᠬᠠᠵᠤ᠂ ᠡᠮ ᠡᠮᠨᠡᠯᠭᠡ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ︔ | ᠬᠤᠶᠠᠷ ᠲᠤ᠂ ᠬᠡᠭᠡᠷ᠎ᠡ ᠶᠢᠨ ᠵᠠᠪᠡᠢ ᠶᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠡᠭᠡᠷ᠎ᠠ ᠶᠢᠨ ᠡᠮ ᠤᠨ | ᠮᠠᠲ᠋ᠧᠷᠢᠶᠠᠯ ᠤᠨ ᠬᠠᠮᠠᠭᠠᠯᠠᠯᠳᠠ ᠶᠢᠨ ᠨᠡᠷᠡᠰ ᠲᠤ ᠤᠷᠤᠭᠤᠯᠤᠨ᠎ᠠ᠃ | 2025 ᠣᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ | ᠪᠣᠯᠤᠭᠰᠠᠨ ᠤ ᠬᠤᠪᠢ ᠳᠤ᠂ ᠪᠢ ᠦᠷᠭᠦᠯᠵᠢᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠦᠨᠳᠦᠰᠦᠨ | ᠱᠠᠳᠤᠨ ᠳᠤ ᠬᠦᠨᠵᠡᠭᠡᠶᠢᠷᠡᠵᠦ᠂ ᠠᠷᠠᠳ ᠤᠨ ᠰᠠᠨᠠᠯ ᠢ ᠰᠤᠨᠤᠰᠴᠦ᠂ ᠭᠡᠰᠢᠬᠦᠳ ᠤᠨ ᠦᠢᠯᠡᠳᠦᠯ ᠢ ᠬᠦᠢᠴᠡᠳ | ᠪᠠᠳᠠᠷᠠᠭᠤᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ | ᠨᠡᠮᠡᠷᠢᠯᠡᠨ᠎ᠡ᠃ | ᠯᠢᠨ ᠴᠢᠶᠠᠩ ᠭᠡᠰᠢᠭᠦᠨ᠄ | ᠠᠵᠢᠯ ᠲᠥᠷᠥᠯ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ | ᠭᠦᠢᠴᠡᠳᠭᠡᠨ᠎ᠡ | ᠪᠢ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠨᠠᠷᠢᠨ | ᠬᠢᠨᠠᠮᠠᠭᠠᠢ ᠰᠤᠨᠤᠰᠤᠯ᠎ᠠ᠂ ᠦᠨᠡᠭᠡᠷ ᠬᠦᠮᠦᠰ ᠤᠨ ᠰᠡᠳᠬᠢᠯ ᠢ ᠬᠦᠭᠵᠢᠭᠡᠵᠦ ᠡᠷᠴᠢ ᠵᠤᠷᠢᠭ ᠢ ᠬᠦᠪᠴᠢᠯᠡᠪᠡ᠃ | ᠢᠯᠡᠳᠭᠡᠯ ᠤᠨ ᠠᠭᠤᠯᠭ᠎ᠠ ᠨᠢ ᠠᠵᠤ ᠠᠬᠤᠢ᠂ ᠨᠡᠶᠢᠭᠡᠮ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ ᠤᠯᠠᠨ | ᠲᠠᠯ᠎ᠠ ᠶᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ | ᠠᠬᠢᠭᠤᠯᠬᠤ ᠢᠲᠡᠭᠡᠯ ᠵᠣᠷᠢᠭ ᠢ ᠢᠯᠡᠷᠡᠭᠦᠯᠪᠡ᠃ | ᠡᠨᠡ ᠵᠢᠯ ᠪᠢ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠭᠤᠣᠯ ᠰᠡᠳᠦᠪ ᠤᠨ ᠲᠣᠭᠤᠷᠢᠨ ᠳᠤ ᠲᠦᠷᠪᠡᠨ | ᠰᠠᠨᠠᠯ ᠳᠤᠷᠠᠳᠤᠯᠭ᠎ᠠ ᠪᠢᠴᠢᠵᠦ ᠳᠡᠪᠰᠢᠭᠦᠯᠪᠡ᠄ ᠨᠢᠭᠡ ᠳᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠤᠯᠠᠮᠵᠢᠯᠠᠯᠳᠦ | ᠨᠠᠶᠢᠷᠠᠯᠳᠠ ᠶᠢᠨ ᠦᠷ᠎ᠠ ᠪᠦᠳᠦᠭᠡᠯ ᠢ ᠬᠤᠪᠢᠷᠠᠭᠤᠯᠬᠤ ᠶᠢ ᠲᠡᠮᠵᠢᠨ᠎ᠡ︔ ᠬᠤᠶᠠᠷ ᠲᠤ᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶᠠᠨ ᠤ ᠦᠢᠯᠡᠴᠢᠯᠡᠭᠡᠨ ᠤ ᠬᠢᠷᠢ ᠲᠦᠪᠰᠢᠨ ᠤ ᠪᠠᠶᠢᠭᠤᠯᠤᠯᠳᠠ ᠶᠢ ᠴᠢᠩᠭᠠᠳᠬᠠᠨ᠎ᠠ︔ | ᠭᠤᠷᠪᠠ ᠳᠤ᠂ ᠡᠷᠡᠭᠦᠯ ᠮᠡᠨᠳᠦ ᠶᠢᠨ ᠲᠣᠮᠣ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ᠳᠥᠷᠪᠡ ᠳᠤ᠂ | ᠠᠯᠪᠠᠨ ᠠᠴᠠ ᠡᠷᠭᠢᠯᠡᠭᠰᠡᠨ ᠵᠢᠩᠬᠢᠨᠢ ᠠᠩᠬᠢ ᠶᠢᠨ ᠲᠡᠭᠡᠳᠦ ᠰᠤᠷᠭᠠᠭᠤᠯᠢ ᠳᠤ ᠬᠠᠷᠢᠶᠠᠯᠠᠭᠳᠠᠬᠤ ᠬᠠᠮᠢᠶᠠᠷᠤᠯᠲᠠ ᠶᠢᠨ | ᠲᠤᠭᠳᠠᠴᠠ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ᠡᠳᠡᠭᠡᠷ ᠰᠠᠨᠠᠯ ᠵᠥᠪᠯᠡᠯᠭᠡ ᠪᠣᠯ ᠴᠥᠮ ᠠᠷᠠᠳ ᠤᠯᠠᠨ ᠤ | ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠣᠯᠬᠤᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠠᠩᠬᠠᠷᠤᠯ ᠢ ᠲᠠᠲᠠᠬᠤ ᠶᠢ ᠬᠦᠰᠡᠵᠦ ᠪᠠᠶᠢᠨ᠎ᠠ᠃ | 2025 ᠣᠨ ᠳᠤ᠂ ᠪᠢ ᠦᠷᠭᠦᠯᠵᠢᠯᠡᠨ ᠭᠤᠤᠯᠳᠠᠯᠭ᠎ᠠ ᠶᠢᠨ ᠲᠤᠭᠤᠷᠢᠨ ᠳᠤ ᠠᠵᠢᠯ ᠲᠦᠷᠦᠯ ᠤᠨ | ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠭᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ | ᠵᠠᠮ ᠨᠡᠭᠡᠭᠡᠵᠦ ᠲᠤᠮᠳᠠ ᠲᠦᠪᠰᠢᠨ ᠳᠤ ᠤᠷᠤᠬᠤ︾ ᠬᠠᠷᠠᠯᠲᠠ ᠶᠢ ᠪᠡᠶᠡᠯᠡᠭᠦᠯᠬᠦ ᠳᠤ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃ |