| | ᠤᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠬᠢᠩᠭᠠᠨ | ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ ᠬᠠᠮᠲᠤᠷᠠᠨ ᠬᠢᠩᠭᠠᠨ ᠠᠶᠢᠮᠠᠭ ᠤᠨ ᠶᠡᠷᠦᠩᠬᠡᠶᠢᠯᠡᠭᠰᠡᠨ | ᠠᠰᠠᠷᠠᠮᠵᠢ ᠶᠢᠨ ᠬᠦᠷᠢᠶᠡᠯᠡᠩ ᠳᠤ ︽ᠠᠵᠤ ᠠᠬᠤᠶᠢᠯᠠᠯ ᠤᠨ ᠨᠡᠭᠡᠭᠡᠯᠳᠡ ᠶᠢᠨ ᠡᠳᠦᠷ︾ ᠤᠨ ᠠᠵᠢᠯᠯᠠᠭ᠎ᠠ | ᠶᠠᠪᠤᠭᠳᠠᠭᠤᠯᠵᠦ᠂ ᠠᠵᠦ ᠠᠬᠤᠶᠢᠯᠠᠯ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠢᠯᠠᠩᠭᠤᠶ᠎ᠠ ᠠᠵᠢᠯ ᠲᠦᠷᠦᠯ ᠤᠨ | ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ | ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠣᠷᠣᠯᠴᠠᠬᠤ ᠶᠢ ᠵᠣᠷᠢᠭᠵᠢᠭᠤᠯᠤᠨ | ᠬᠦᠳᠦᠯᠦᠨ ᠵᠢᠯᠤᠭᠤᠳᠪᠠ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 33 ᠠᠵᠤ ᠠᠬᠤᠶᠢᠯᠠᠯ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠣᠷᠣᠯᠴᠠᠵᠠᠶ᠃ | ᠠᠵᠢᠯᠯᠠᠭ᠎ᠠ ᠳᠤ ᠤᠷᠤᠯᠴᠠᠭᠰᠠᠨ ᠠᠵᠦ ᠠᠬᠤᠶᠢᠯᠠᠯ ᠪᠤᠯᠤᠨ ᠨᠡᠶᠢᠭᠡᠮ ᠤᠨ ᠵᠤᠬᠢᠶᠠᠨ | ᠪᠠᠶᠢᠭᠤᠯᠤᠯᠳᠠ ᠶᠢᠨ ᠬᠢᠨ ᠬᠢᠩᠭᠠᠨ ᠠᠶᠢᠮᠠᠭ ᠤᠨ ᠬᠡᠤᠬᠡᠳ ᠤᠨ ᠠᠰᠠᠷᠠᠮᠵᠢ ᠶᠢᠨ ᠬᠦᠷᠢᠶᠡᠯᠡᠩ᠂ ᠬᠢᠩᠭᠠᠨ ᠠᠶᠢᠮᠠᠭ ᠤᠨ | ᠠᠪᠤᠷᠠᠨ ᠲᠤᠰᠠᠯᠠᠬᠤ ᠥᠷᠲᠡᠭᠡ᠂ ᠵᠢᠤ ᠠᠨ ᠠᠰᠠᠷᠠᠨ ᠬᠠᠷᠠᠭᠠᠯᠵᠠᠬᠤ ᠬᠦᠷᠢᠶᠡᠯᠡᠩ ᠪᠣᠯᠤᠨ ᠬᠢᠩᠭᠠᠨ ᠠᠶᠢᠮᠠᠭ ᠤᠨ | ᠨᠡᠶᠢᠭᠡᠮ ᠤᠨ ᠠᠰᠠᠷᠠᠨ ᠬᠠᠷᠠᠭᠠᠯᠵᠠᠬᠤ ᠬᠦᠷᠢᠶᠡᠯᠡᠩ ᠢᠶᠠᠷ ᠬᠦᠨᠵᠡᠭᠡᠶᠢᠷᠡᠨ ᠬᠦᠨᠵᠡᠭᠡᠢ ᠤᠶᠢᠯᠠᠭᠠᠪᠠ᠃ ︽ᠡᠨᠡ | ᠤᠳᠠᠭ᠎ᠠ ᠶᠢᠨ ᠨᠡᠬᠡᠬᠡᠯᠳᠡ ᠶᠢᠨ ᠡᠳᠦᠷ ᠤᠨ ᠠᠵᠢᠯᠯᠠᠭ᠎ᠠ ᠪᠣᠯ ᠪᠢᠳᠡᠨ ᠤ ᠬᠢᠩᠭᠠᠨ ᠠᠶᠢᠮᠠᠭ ᠤᠨ ᠠᠷᠠᠳ ᠤᠨ | ᠶᠠᠪᠤᠳᠠᠯ ᠤᠨ ᠲᠤᠪᠴᠢᠶ᠎ᠠ ᠲᠠᠢ ᠬᠠᠮᠲᠤᠪᠠᠷ ︿ᠨᠡᠶᠢᠭᠡᠮ ᠤᠨ ᠵᠣᠬᠢᠶᠠᠨ ᠪᠠᠶᠢᠭᠤᠯᠤᠯᠲᠠ +﹀ ᠵᠠᠭᠪᠤᠷ ᠤᠨ ᠪᠠᠰᠠ ᠨᠢᠭᠡ | ᠤᠳᠠᠭ᠎ᠠ ᠶᠢᠨ ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠤᠨ᠎ᠠ᠂ ᠲᠠᠷᠠᠭᠠᠴᠢ ᠪᠠᠷ ᠪᠢᠳᠡ ᠨᠡᠩ ᠤᠯᠠᠨ ᠠᠵᠤ | ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠠᠷᠠᠳ ᠤᠨ ᠶᠠᠪᠤᠳᠠᠯ ᠤᠨ ᠦᠢᠯᠡᠰ ᠤᠨ ᠬᠦᠭᠵᠢᠯᠳᠡ ᠳᠤ | ᠦᠢᠯᠡᠴᠢᠯᠡᠬᠦᠯᠬᠦ ᠶᠢ ᠬᠦᠰᠡᠵᠦ ᠪᠠᠶᠢᠨ᠎ᠠ︾ ᠭᠡᠵᠦ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠳᠡᠳ᠋ ᠲᠡᠷᠢᠭᠦᠯᠡᠭᠴᠢ ᠵᠠᠩ ᠰᠢᠤᠸᠠᠢ ᠶᠢᠦ ᠬᠡᠯᠡᠪᠡ᠃ | ᠠᠵᠢᠯᠯᠠᠭ᠎ᠠ ᠶᠢᠨ ᠲᠤᠮᠳᠠ ᠶᠠᠷᠢᠯᠴᠠᠬᠤ ᠬᠤᠷᠠᠯ ᠬᠢᠵᠦ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ | ᠲᠤᠪᠴᠢᠶ᠎ᠠ ᠠᠴᠠ ᠪᠦᠬᠦ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠵᠢᠯ ᠤᠨ ᠦᠢᠯᠡᠰ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠲᠦᠷᠦ ᠶᠢᠨ ᠪᠤᠳᠤᠯᠭ᠎ᠠ ᠳᠤ ᠪᠦᠬᠦ ᠲᠠᠯ᠎ᠠ ᠶᠢᠨ | ᠲᠠᠶᠢᠯᠤᠮᠵᠢ ᠬᠢᠪᠡ᠃ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠲᠤᠬᠠᠢ ᠶᠢᠨ | ᠲᠠᠯᠠᠪᠠᠢ ᠳᠤ ᠠᠵᠦ ᠠᠬᠤᠶᠢᠯᠠᠯ ᠤᠨ ᠲᠤᠷᠠᠳᠤᠭᠰᠠᠨ ᠡᠯ᠎ᠡ ᠲᠦᠷᠦᠯ ᠤᠨ ᠠᠰᠠᠭᠤᠳᠠᠯ ᠳᠤ ᠬᠦᠯᠢᠴᠡᠩᠬᠦᠢ ᠪᠠᠷ | ᠲᠠᠶᠢᠯᠪᠤᠷᠢᠯᠠᠯᠳᠠ ᠦᠭᠬᠦ ᠶᠢᠨ ᠬᠠᠮᠳᠦ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠲᠤ | ᠣᠷᠣᠯᠴᠠᠬᠤ ᠳᠤ ᠡᠬᠢ ᠪᠠᠶᠠᠯᠢᠭ ᠢ ᠭᠡᠷᠬᠢᠨ ᠵᠤᠯᠭᠠᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠢ ᠬᠠᠪᠰᠤᠷᠤᠨ | ᠲᠡᠳᠬᠦᠬᠦ ᠳᠤᠮᠳᠠ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠵᠣᠬᠢᠴᠠᠭᠤᠯᠬᠤ ᠵᠡᠷᠭᠡ ᠠᠰᠠᠭᠤᠳᠠᠯ ᠳᠤ ᠪᠣᠳᠠᠲᠠᠶ ᠶᠢ | ᠡᠷᠬᠢᠮᠯᠡᠭᠰᠡᠨ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠡᠭᠦᠨ ᠤ ᠵᠡᠷᠭᠡᠪᠡᠷ᠂ ᠠᠵᠤ ᠠᠬᠤᠶᠢᠯᠠᠯ ᠢ ᠠᠵᠠ ᠲᠣᠬᠢᠶᠠᠯ ᠢ | ᠠᠮᠵᠢᠵᠤ᠂ ᠬᠤᠳᠠᠯᠳᠤᠭᠠᠨ ᠤ ᠡᠪᠯᠡᠯ ᠢᠶᠠᠷ ᠬᠤᠯᠪᠣᠭᠠᠰᠤ ᠪᠣᠯᠭᠠᠨ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ | ᠲᠠᠪᠴᠠᠩ ᠢ ᠠᠰᠢᠭᠯᠠᠨ ᠵᠠᠬ᠎ᠠ ᠲᠡᠯᠭᠡᠬᠦᠷ ᠤᠨ ᠤᠷᠤᠨ ᠵᠠᠢ ᠶᠢ ᠦᠷᠭᠡᠳᠭᠡᠬᠦ ᠶᠢᠨ ᠬᠠᠮᠳᠦ ᠨᠡᠶᠢᠭᠡᠮ ᠤᠨ | ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠩᠭᠠᠨ ᠠᠶᠢᠮᠠᠭ ᠤᠨ ᠬᠥᠭᠵᠢᠯᠲᠡ ᠳᠤ ᠬᠤᠪᠢ ᠨᠡᠮᠡᠷᠢ ᠦᠵᠡᠬᠦᠯᠦᠨ ᠠᠵᠦ | ᠠᠬᠤᠢ ᠶᠢᠨ ᠦᠷ᠎ᠠ ᠠᠰᠢᠭ ᠪᠤᠯᠤᠨ ᠨᠡᠶᠢᠭᠡᠮ ᠤᠨ ᠦᠷ᠎ᠠ ᠠᠰᠢᠭ ᠤᠨ ᠬᠤᠤᠰ ᠠᠮᠵᠢᠯᠳᠠ ᠤᠯᠬᠤ ᠶᠢ | ᠵᠤᠷᠢᠭᠵᠢᠭᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠳᠤ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠡᠯ᠎ᠡ | ᠬᠦᠴᠦᠨ ᠢ ᠬᠥᠲᠥᠯᠥᠨ ᠵᠢᠯᠣᠭᠤᠳᠴᠤ ᠨᠡᠶᠢᠭᠡᠮ ᠤᠨ ᠵᠠᠰᠠᠯᠲᠠ ᠶᠢᠨ ᠠᠵᠢᠯ ᠳᠤ ᠣᠷᠣᠯᠴᠠᠭᠤᠯᠬᠤ ᠰᠢᠰᠲ᠋ᠧᠮ ᠢ | ᠲᠡᠭᠦᠯᠳᠡᠷᠵᠢᠭᠦᠯᠵᠦ᠂ ᠠᠷᠠᠳ ᠤᠨ ᠶᠠᠪᠤᠳᠠᠯ ᠨᠠᠰᠤᠵᠢᠯ ᠤᠨ ᠠᠰᠠᠷᠠᠮᠵᠢ ᠶᠢᠨ ᠡᠯ᠎ᠡ ᠲᠦᠷᠦᠯ ᠤᠨ ᠦᠢᠯᠡᠰ ᠤᠨ | ᠬᠦᠭᠵᠢᠯᠳᠡ ᠳᠤ ᠬᠦᠴᠦᠨ ᠨᠡᠮᠡᠷᠢᠯᠡᠪᠡ᠃ ᠤᠳᠤᠬᠠᠨ ᠪᠤᠯᠳᠠᠯ᠎ᠠ ᠪᠦᠬᠦ ᠠᠶᠢᠮᠠᠭ ᠲᠤ ᠨᠡᠶᠢᠭᠡᠮ ᠤᠨ ᠵᠣᠬᠢᠶᠠᠨ | ᠪᠠᠶᠢᠭᠤᠯᠤᠯᠲᠠ ᠨᠡᠶᠢᠳᠡ 1019 ᠪᠠᠶᠢᠵᠦ᠂ ᠡᠭᠦᠨ ᠳᠤ ᠠᠶᠢᠮᠠᠭ ᠤᠨ ᠱᠠᠲᠤᠨ ᠤ ᠨᠡᠶᠢᠭᠡᠮ ᠤᠨ ᠵᠣᠬᠢᠶᠠᠨ | ᠪᠠᠶᠢᠭᠤᠯᠤᠯᠲᠠ 264 ᠪᠠᠶᠢᠵᠦ᠂ ᠬᠤᠰᠢᠭᠤ ᠰᠢᠶᠠᠨ ᠬᠤᠳᠠ ᠶᠢᠨ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ | 755 ᠪᠠᠶᠢᠬᠤ ᠪᠥᠭᠡᠳ 19 ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢ ᠲᠠᠶᠢᠴᠢᠯᠠᠨ ᠪᠦᠬᠦ ᠠᠶᠢᠮᠠᠭ ᠤᠨ ᠨᠡᠶᠢᠭᠡᠮ | ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠵᠤ᠂ 49 | ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠳᠤ | ᠤᠷᠤᠯᠴᠠᠭᠤᠯᠵᠠᠢ᠃ 2024 ᠣᠨ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠠᠵᠢᠯ ᠳᠤ ᠤᠷᠤᠯᠴᠠᠬᠤ ᠳᠠᠭᠠᠨ ᠨᠡᠶᠢᠳᠡ 789.9 ᠲᠦᠮᠡᠨ ᠲᠦᠭᠦᠷᠢᠭ ᠤᠨ ᠪᠡᠯᠡ | ᠮᠦᠩᠬᠦ ᠡᠳ᠋ ᠪᠤᠳᠠᠰ ᠵᠠᠷᠤᠴᠠᠭᠤᠯᠵᠦ᠂ 1.2 ᠲᠦᠮᠡᠨ ᠬᠦᠮᠦᠨ ︵ᠤᠳᠠᠭ᠎ᠠ︶ ᠳᠤ ᠠᠰᠢᠭ ᠬᠦᠷᠳᠡᠭᠡᠭᠰᠡᠨ ᠪᠠᠶᠢᠨ᠎ᠠ᠃ | ︵ᠡᠤ ᠭᠧᠨ ᠰᠢᠶᠦ᠋ᠩ︶ | |