| 2024 ᠣᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠳᠠᠬᠢ | ᠬᠤᠪᠢᠶᠠᠷᠢ ᠪᠠᠩᠬᠢ ᠬᠠᠷ᠎ᠠ ᠵᠤᠭᠤᠰ ᠢᠶᠠᠨ ᠨᠢᠭᠤᠬᠤ ᠶᠢ ᠡᠰᠡᠷᠬᠦᠴᠡᠬᠦ ᠠᠵᠢᠯ ᠤᠨ ᠵᠤᠬᠢᠴᠠᠭᠤᠯᠬᠤ ᠲᠤᠭᠳᠠᠴᠠ ᠶᠢ | ᠢᠳᠡᠪᠬᠢᠳᠡᠢ ᠲᠡᠬᠦᠯᠳᠡᠷᠵᠢᠬᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ | ᠴᠢᠳᠠᠪᠤᠷᠢ ᠪᠠᠨ ᠲᠡᠭᠡᠭᠰᠢᠯᠡᠬᠦᠯᠦᠨ᠂ ᠨᠡᠶᠢᠭᠡᠮ ᠤᠨ ᠡᠮᠬᠢ ᠲᠢᠭᠯᠢᠮ ᠪᠤᠯᠤᠨ ᠠᠷᠠᠳ ᠤᠯᠠᠨ ᠤ ᠬᠠᠤᠯᠢ ᠶᠤᠰᠤᠨ ᠤ | ᠡᠷᠭᠡ ᠠᠰᠢᠭ ᠢ ᠪᠦᠬᠦ ᠬᠦᠴᠦᠨ ᠢᠶᠠᠷ ᠬᠠᠮᠠᠭᠠᠯᠠᠪᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠳᠠᠬᠢ ᠬᠤᠪᠢᠶᠠᠷᠢ ᠪᠠᠩᠬᠢ ᠬᠠᠷ᠎ᠠ | ᠵᠤᠭᠤᠰ ᠢᠶᠠᠨ ᠨᠢᠭᠤᠬᠤ ᠶᠢ ᠡᠰᠡᠷᠬᠦᠴᠡᠬᠦ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠬᠠᠷᠢᠭᠤᠴᠠᠯᠭ᠎ᠠ ᠶᠢ ᠪᠠᠳᠦ ᠡᠬᠦᠷᠭᠡᠯᠡᠵᠦ᠂ ᠬᠠᠤᠯᠢ ᠶᠢᠨ ᠡᠷᠭᠡᠳᠡᠨ ᠤ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ | ᠬᠢᠨᠠᠯᠳᠠ ᠬᠠᠮᠢᠶᠠᠷᠤᠯᠳᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠪ ᠪᠠ ᠤᠷᠤᠨ ᠨᠤᠳᠤᠭ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠬᠠᠮᠢᠶᠠᠷᠤᠯᠳᠠ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠬᠠᠷ᠎ᠠ ᠵᠤᠭᠤᠰ ᠢᠶᠠᠨ ᠨᠢᠭᠤᠬᠤ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ | ᠴᠢᠩᠭ᠎ᠠ ᠴᠤᠬᠢᠯᠳᠠ ᠦᠭᠪᠡ᠃ 2024 ᠣᠨ ᠳᠤ᠂ ᠲᠣᠰ ᠪᠠᠩᠬᠢ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ | ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ᠂ ᠬᠤᠳᠠᠯ ᠬᠠᠭᠤᠷᠮᠠᠭ ᠬᠠᠤᠯᠢ ᠶᠢ ᠵᠥᠷᠢᠴᠡᠭᠰᠡᠨ ᠵᠠᠷ ᠮᠡᠳᠡᠭᠡ ᠶᠢᠨ | ᠪᠠᠯᠠ ᠮᠥᠩᠭᠦ ᠶᠢᠨ ᠰᠦᠪᠡᠭᠴᠢ ᠶᠢ ᠵᠢᠭᠰᠠᠭᠠᠨ ᠪᠠᠶᠢᠴᠠᠭᠠᠬᠤ᠂ ᠭᠠᠶᠢᠯᠢ ᠳᠤ ᠬᠤᠯᠪᠣᠭᠳᠠᠭᠰᠠᠨ ᠬᠠᠷ᠎ᠠ ᠵᠤᠭᠤᠰ | ᠨᠢᠭᠤᠬᠤ ᠵᠡᠷᠭᠡ ᠶᠠᠯᠠᠳᠦ ᠠᠵᠢᠯᠯᠠᠭ᠎ᠠ ᠳᠤ ᠴᠤᠬᠢᠯᠳᠠ ᠦᠭᠬᠦ ᠠᠵᠢᠯ ᠢ ᠬᠦᠨᠵᠡᠭᠡᠢ ᠦᠷᠨᠢᠬᠦᠯᠪᠡ᠃ ︽ᠠᠶᠤᠯ | ᠲᠦᠭᠰᠢᠭᠦᠷᠢ ᠪᠠᠷ ᠦᠨᠳᠦᠰᠦ ᠪᠣᠯᠭᠠᠬᠤ︾ ᠬᠢᠨᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠠᠷᠢᠮᠲᠠᠯᠠᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠤᠨ ᠰᠢᠳᠭᠡᠯ ᠦᠭᠬᠦ ᠬᠦᠴᠦᠯᠡᠴᠡ ᠪᠠᠨ | ᠨᠡᠮᠡᠭᠳᠡᠬᠦᠯᠪᠡ᠃ | ᠲᠣᠰ ᠪᠠᠩᠬᠢ ᠶᠢᠨ ᠬᠢᠨ ᠪᠠᠰᠠ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ᠂ ᠮᠥᠩᠭᠦᠨ ᠭᠦᠢᠯᠭᠡᠭᠡᠨ ᠤ | ᠬᠢᠨᠠᠨ ᠬᠠᠮᠢᠶᠠᠷᠤᠯᠳᠠ ᠵᠡᠷᠭᠡ ᠰᠠᠯᠠᠭ᠎ᠠ ᠮᠦᠴᠢᠷ ᠲᠠᠢ ᠬᠠᠮᠵᠢᠯᠴᠠᠬᠤ ᠪᠠᠨ ᠴᠢᠩᠭᠠᠳᠬᠠᠵᠦ᠂ ︽ᠬᠠᠷ᠎ᠠ ᠵᠤᠭᠤᠰ ᠢᠶᠠᠨ | ᠨᠢᠭᠤᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠤᠯ ᠪᠦᠷᠢᠯᠳᠦᠬᠦᠨ ᠨᠢᠭᠡᠴᠢ︾ ︽ | ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠯᠴᠠᠭ᠎ᠠ ᠶᠢ | ᠴᠢᠩᠭᠠᠳᠬᠠᠬᠤ ᠪᠣᠷᠣ ᠲᠥᠯᠥᠪ︾ ᠵᠡᠷᠭᠡ ᠬᠠᠮᠵᠢᠯᠴᠠᠭᠠᠨ ᠤ ᠲᠤᠭᠳᠠᠴᠠ ᠶᠢ ᠪᠠᠶᠢᠭᠤᠯᠪᠠ᠃ ᠬᠢᠨᠠᠨ ᠬᠠᠮᠢᠶᠠᠷᠬᠤ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ ᠬᠠᠷ᠎ᠠ ᠵᠤᠭᠤᠰ ᠢᠶᠠᠨ ᠨᠢᠭᠤᠬᠤ ᠶᠢ | ᠡᠰᠡᠷᠭᠦᠴᠡᠬᠦ ᠬᠠᠤᠯᠢ ᠴᠠᠭᠠᠵᠠ ᠬᠠᠤᠯᠢ ᠲᠤᠭᠳᠠᠭᠠᠯ ᠢ ᠬᠦᠨᠳᠦ ᠨᠤᠴᠢᠳᠠᠢ ᠵᠦᠷᠢᠴᠡᠭᠰᠡᠨ ᠬᠤᠶᠠᠷ ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠤ ᠵᠠᠰᠠᠭ ᠵᠠᠬᠢᠷᠭᠠᠨ ᠤ ᠰᠢᠳᠭᠡᠯ ᠦᠭᠴᠦ᠂ ᠰᠢᠳᠭᠡᠯ ᠤᠨ ᠮᠦᠩᠬᠦ ᠨᠡᠶᠢᠳᠡ 80 | ᠭᠠᠷᠤᠢ ᠲᠦᠮᠡᠨ ᠲᠦᠭᠦᠷᠢᠭ ᠬᠦᠷᠪᠡ᠃ ᠬᠠᠷᠢᠶᠠᠲᠤ ᠣᠷᠣᠨ ᠤ ᠬᠠᠷ᠎ᠠ ᠵᠤᠭᠤᠰ ᠢᠶᠠᠨ ᠨᠢᠭᠤᠬᠤ ᠲᠦᠭᠰᠢᠭᠦᠷᠢ ᠶᠢ | ᠢᠳᠡᠪᠬᠢᠲᠡᠶ ᠪᠠᠷ ᠡᠮᠬᠢᠯᠡᠨ ᠳᠢᠭᠯᠡᠵᠦ᠂ ᠠᠰᠠᠭᠤᠳᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠ | ᠡᠬᠦᠷᠭᠡ ᠶᠢᠨ ᠨᠠᠷᠢᠨ ᠲᠠᠨᠰᠠ ᠶᠢ ᠪᠠᠶᠢᠭᠤᠯᠤᠨ᠂ ᠲᠤᠭ᠎ᠠ ᠪᠠᠷᠢᠮᠳᠠ ᠶᠢᠨ ᠬᠢᠨᠠᠨ ᠬᠠᠮᠢᠶᠠᠷᠤᠯᠳᠠ ᠪᠠᠷ ᠲᠠᠮᠵᠢᠨ ᠬᠠᠷ᠎ᠠ | ᠵᠤᠭᠤᠰ ᠢᠶᠠᠨ ᠨᠢᠭᠤᠬᠤ ᠲᠠᠯᠳᠠ ᠲᠦᠭᠰᠢᠭᠦᠷᠢ ᠶᠢ ᠤᠷᠢᠳᠴᠢᠯᠠᠨ ᠰᠡᠷᠡᠮᠵᠢᠬᠦᠯᠪᠡ᠃ | 2024 ᠣᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠳᠠᠬᠢ | ᠬᠤᠪᠢᠶᠠᠷᠢ ᠪᠠᠩᠬᠢ ᠬᠠᠷ᠎ᠠ ᠵᠤᠭᠤᠰ ᠢᠶᠠᠨ ᠨᠢᠭᠤᠬᠤ ᠶᠢ ᠡᠰᠡᠷᠭᠦᠴᠡᠬᠦ ᠲᠦᠪᠯᠡᠷᠡᠬᠦᠯᠦᠨ ᠤᠬᠠᠭᠤᠯᠬᠤ ᠠᠵᠢᠯᠯᠠᠭ᠎ᠠ ᠶᠢ | 3 ᠤᠳᠠᠭ᠎ᠠ ᠦᠷᠨᠢᠬᠦᠯᠵᠦ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠤᠬᠠᠭᠤᠯᠭ᠎ᠠ ᠶᠢ 493 ᠤᠳᠠᠭ᠎ᠠ | ᠥᠷᠨᠢᠭᠦᠯᠵᠦ᠂ ᠤᠬᠠᠭᠤᠯᠭ᠎ᠠ ᠬᠥᠮᠦᠵᠢᠯ ᠤᠨ ᠦᠵᠡᠭᠦᠯᠦᠯᠭᠡ ᠶᠢᠨ ᠲᠣᠭᠤᠷᠢᠭ ᠢ 349 ᠭᠠᠷᠭᠠᠵᠤ᠂ 15000 | ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ 46 | ᠲᠦᠮᠡᠨ ᠬᠡᠷᠡᠭᠯᠡᠭᠴᠢᠳ ᠢ ᠬᠠᠮᠤᠷᠪᠠ᠃ ︵ᠰᠤᠨᠢᠨ︶ | | | | |