| | 1 ᠰᠠᠷ᠎ᠠ ᠶᠢᠨ 19 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2025 ᠣᠨ ᠤ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠡᠷᠭᠡ ᠠᠭᠤᠯᠭ᠎ᠠ ᠶᠢᠨ | ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠠᠶᠢᠮᠠᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ | ᠡᠷᠭᠢᠯᠡᠨ ᠶᠠᠷᠢᠶ᠎ᠠ ᠲᠠᠯᠪᠢᠵᠠᠢ᠃ ᠭᠤᠣᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠶᠢᠨ ᠭᠤᠣᠯ ᠰᠡᠳᠦᠪ ᠤᠨ | ᠲᠣᠭᠤᠷᠢᠨ ᠳᠤ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ᠂ ᠨᠠᠮ ᠤᠨ ᠪᠦᠯᠬᠦᠮᠳᠡᠯ | ᠨᠢᠭᠡᠳᠦᠯ ᠢ ᠬᠠᠮᠠᠭᠠᠯᠠᠬᠤ᠂ ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠬᠤ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ | ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠨ ᠲᠤᠭᠤᠰᠢᠯᠠᠭᠤᠯᠬᠤ ᠶᠢ ᠨᠠᠮᠴᠢ | ᠴᠢᠨᠠᠷ ᠤᠨ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠵᠥᠪ ᠡᠷᠬᠡ ᠶᠢᠨ ᠦᠵᠡᠯᠲᠡ᠂ ᠠᠵᠢᠯ ᠤᠨ | ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠵᠤ᠂ ᠡᠪ ᠬᠠᠮᠲᠤᠴᠤᠳ ᠤᠨ ᠤᠯᠤᠰ | ᠲᠦᠷᠦ ᠶᠢᠨ ᠤᠤᠷ ᠴᠢᠨᠠᠷ ᠢ ᠪᠠᠲᠤᠯᠠᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ | ᠰᠠᠨᠠᠭ᠎ᠠ ᠪᠠᠷ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠶᠢ ᠪᠠᠷᠢᠮᠲᠠᠯᠠᠵᠤ | ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠢ ᠪᠣᠯᠤᠨ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ | ᠳᠠᠷᠤᠢ ᠥᠭᠡᠷᠡᠴᠢᠯᠡᠯᠲᠡ ᠮᠥᠨ︾ ᠭᠡᠬᠦ ᠠᠵᠢᠯ ᠤᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠶᠢ | ᠡᠭᠦᠳᠬᠦ ᠨᠢ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ | ᠨᠡᠩ ᠲᠥᠪ ᠭᠤᠣᠯᠴᠢ᠂ ᠨᠡᠩ ᠦᠷᠭᠦᠯᠵᠢᠯᠡᠭᠦᠯᠬᠦ ᠶᠢ ᠠᠬᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ᠂ ︽ᠲᠠᠪᠤᠨ ᠨᠢᠭᠡᠳᠦᠭᠡᠷ︾ ᠢ | ᠠᠬᠢᠭᠤᠯᠬᠤ ᠶᠢ ᠠᠵᠢᠯ ᠢᠶᠠᠨ ᠲᠥᠯᠥᠪᠵᠢᠭᠦᠯᠬᠦ ᠬᠦᠴᠦᠯᠡᠬᠦ ᠴᠡᠭ ᠪᠣᠯᠭᠠᠵᠤ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | | | | |