| | 1 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 108 ᠳ᠋ᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠨ ᠶᠠᠷᠢᠶ᠎ᠠ ᠲᠠᠯᠪᠢᠵᠠᠢ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯ ᠪᠣᠯ ᠡᠨᠡ ᠵᠢᠯ ᠤᠨ ᠪᠥᠬᠦ ᠬᠤᠲᠠ ᠶᠢᠨ ᠡᠯ᠎ᠡ ᠵᠦᠢᠯ ᠤᠨ ᠠᠵᠢᠯ ᠢ ᠵᠢᠯᠣᠭᠤᠳᠬᠤ ᠠᠵᠢᠯᠯᠠᠭᠠᠨ ᠤ | ᠬᠥᠲᠥᠯᠪᠦᠷᠢ ᠮᠥᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ | ᠢᠲᠡᠭᠡᠯ ᠵᠣᠷᠢᠭ ᠢ ᠲᠠᠰᠤᠷᠠᠯᠲᠠ ᠥᠬᠡᠶ ᠬᠥᠭᠵᠢᠭᠡᠵᠦ᠂ ᠶᠡᠷᠦᠩᠬᠡᠶ ᠱᠦᠵᠢ ᠰᠢ ᠶᠢᠨ ᠫᠢᠩ ᠤᠨ ᠪᠠᠶᠢᠷᠢᠯᠠᠭᠤᠯᠤᠭᠰᠠᠨ | 9 ᠲᠠᠯ᠎ᠠ ᠶᠢᠨ ᠭᠤᠤᠯᠳᠠᠯᠭ᠎ᠠ ᠲᠠᠢ ᠡᠭᠦᠷᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠭᠰᠠᠨ ︽ᠵᠢᠷᠭᠤᠭᠠᠨ ᠠᠵᠢᠯᠯᠠᠭ᠎ᠠ︾᠂ ᠠᠶᠢᠮᠠᠭ ᠤᠨ ᠨᠠᠮ ᠤᠨ ᠬᠤᠷᠢᠶᠠᠨ ᠤ ᠳᠤᠷᠠᠳᠤᠭᠰᠠᠨ ︽ᠲᠠᠪᠤᠨ | ᠨᠢᠭᠡᠳᠦᠭᠡᠷ︾ ᠢ ᠤᠯᠠᠭᠠᠨᠬᠤᠲᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | ᠬᠤᠷᠠᠯ ᠠᠴᠠ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠣᠷᠣᠯᠭ᠎ᠠ ᠪᠠᠨ | ᠨᠡᠮᠡᠭᠳᠡᠭᠦᠯᠵᠦ︾᠂ ︽ᠵᠠᠷᠤᠯᠭ᠎ᠠ ᠪᠠᠨ ᠪᠠᠭᠠᠰᠬᠠᠬᠤ︾ ᠳᠡᠭᠡᠷ᠎ᠡ ᠬᠦᠴᠦ ᠲᠠᠯᠪᠢᠵᠤ᠂ ︽ᠲᠡᠭ ᠢᠶᠠᠷ ᠰᠠᠭᠤᠷᠢ ᠪᠣᠯᠠᠬᠤ | ᠲᠥᠰᠦᠪ︾ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ | ᠪᠤᠳᠤᠯᠭ᠎ᠠ ᠶᠢᠨ ᠲᠦᠷᠦᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ᠂ | ᠲᠥᠰᠦᠪ ᠤᠨ ᠵᠠᠷᠤᠯᠭ᠎ᠠ ᠶᠢ ᠬᠡᠷᠡᠭᠵᠢᠭᠦᠯᠬᠦ ᠶᠢ ᠡᠵᠡᠮᠳᠡᠬᠦ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ | ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠪᠣᠯᠤᠨ ᠪᠡᠯᠡ ᠮᠥᠩᠭᠦ ᠶᠢᠨ ᠲᠦᠭᠰᠢᠭᠦᠷᠢ ᠶᠢ | ᠰᠡᠷᠭᠡᠶᠢᠯᠡᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ | ᠬᠤᠶᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ᠂ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ᠂ | ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠪᠠ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠤᠨ ᠠᠵᠢᠯ ᠤᠨ ᠮᠡᠳᠡᠭᠦᠯᠦᠯᠲᠡ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ | ᠵᠡᠷᠭᠡ ᠵᠦᠢᠯᠡᠰ ᠢ ᠰᠤᠳᠤᠯᠤᠨ ᠶᠠᠷᠢᠯᠴᠠᠪᠠ᠃ | | | | |