| ᠣᠶᠢᠷ᠎ᠠ ᠳᠤ᠂ ᠲᠥᠪ ᠤᠨ ᠠᠮᠦ ᠪᠤᠳᠠᠭ᠎ᠠ ᠨᠦᠭᠡᠴᠡᠯᠡᠬᠦ ᠤᠯᠠᠭᠠᠨᠬᠤᠳᠠ ᠶᠢᠨ ᠰᠢᠭᠤᠳ ᠬᠠᠷᠢᠶ᠎ᠠ | ᠬᠦᠮᠦᠷᠭᠡ ᠶᠢᠨ ᠬᠢᠵᠠᠭᠠᠷᠳᠦ ᠺᠤᠮᠫᠠᠨᠢ ᠳᠤ ᠡᠷᠳᠡᠨᠢ ᠰᠢᠰᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠠᠮᠦ | ᠪᠤᠳᠠᠭ᠎ᠠ ᠪᠠᠨ ᠪᠠᠭᠤᠯᠭᠠᠬᠤ ᠪᠠᠷ ᠡᠮᠬᠢ ᠲᠠᠷᠠᠭ᠎ᠠ ᠲᠠᠢ ᠪᠠᠷ ᠬᠦᠯᠢᠶᠡᠨ᠎ᠡ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠮᠤ ᠪᠤᠳᠠᠭᠠᠨ ᠤ ᠦᠨ᠎ᠡ ᠵᠠᠰᠠᠭᠴᠢ ᠸᠠᠩ ᠬᠠᠶ ᠵᠢᠶᠦ᠋ᠨ ᠰᠠᠶ᠋ᠢᠬᠠᠨ ᠬᠤᠷᠢᠶᠠᠭᠰᠠᠨ | 70 ᠭᠠᠷᠤᠶ ᠲᠦᠮᠡᠨ ᠵᠢᠩ ᠡᠷᠳᠡᠨᠢ ᠰᠢᠰᠢ ᠪᠠᠨ ᠠᠮᠦ ᠪᠤᠳᠠᠭᠠᠨ ᠤ ᠬᠦᠮᠦᠷᠭᠡ ᠳᠤ ᠪᠦᠯᠦᠭ ᠬᠤᠪᠢᠶᠠᠨ ᠬᠦᠷᠭᠡᠵᠦ᠂ | ᠤᠷᠢᠳᠴᠢᠯᠠᠨ ᠪᠣᠯᠵᠣᠵᠤ ᠳᠠᠩᠰᠠᠯᠠᠭᠤᠯᠬᠤ᠂ ᠦᠯᠢᠭᠡᠷ ᠡᠳ᠋ ᠠᠪᠬᠤ᠂ ᠬᠢᠨᠠᠨ ᠰᠢᠯᠭᠠᠬᠤ᠂ ᠵᠢᠩᠯᠡᠬᠦ᠂ ᠠᠮᠤ | ᠪᠤᠳᠠᠭ᠎ᠠ ᠪᠠᠨ ᠪᠠᠭᠤᠯᠭᠠᠬᠤ ᠵᠡᠷᠭᠡ ᠠᠯᠬᠤᠮ ᠳᠠᠷᠠᠭ᠎ᠠ ᠪᠠᠷ ᠠᠮᠤ ᠪᠤᠳᠠᠭ᠎ᠠ ᠶᠢ ᠠᠦ᠋ᠲ᠋ᠣ᠋ ᠳᠠᠮᠵᠢᠭᠤᠯᠬᠤ | ᠲᠥᠬᠦᠭᠡᠷᠦᠮᠵᠢ ᠪᠠᠷ ᠳᠠᠮᠵᠢᠭᠤᠯᠤᠨ ᠬᠠᠲᠠᠭᠠᠬᠤ ᠶᠠᠪᠤᠴᠠ ᠳᠤ ᠤᠷᠤᠭᠤᠯᠤᠨ᠎ᠠ᠃ | ︽ᠲᠦᠪ ᠤᠨ ᠠᠮᠤ ᠪᠤᠳᠠᠭ᠎ᠠ ᠨᠥᠭᠡᠴᠡᠯᠡᠬᠦ ᠤᠯᠠᠭᠠᠨᠬᠤᠳᠠ ᠶᠢᠨ ᠰᠢᠭᠤᠳ ᠬᠠᠷᠢᠶ᠎ᠠ ᠬᠥᠮᠥᠷᠭᠡ ᠶᠢᠨ ᠦᠨ᠎ᠡ | ᠬᠠᠩᠰᠢ ᠨᠢ ᠥᠨᠳᠥᠷ᠂ ᠵᠣᠭᠤᠰ ᠢ ᠥᠭᠬᠦ ᠨᠢ ᠲᠦᠷᠭᠡᠨ᠂ ᠦᠢᠯᠡᠴᠢᠯᠡᠭᠡ ᠰᠠᠶᠢᠨ︾ ᠭᠡᠵᠦ ᠸᠠᠩ ᠬᠠᠶ ᠵᠢᠶᠦ᠋ᠨ | ᠬᠡᠯᠡᠨ᠎ᠠ᠃ | ᠮᠦᠬᠦᠯᠢᠭ ᠠᠮᠤ ᠪᠦᠷᠢ ᠶᠢ ᠬᠦᠮᠦᠷᠭᠡ ᠳᠤ ᠤᠷᠤᠭᠤᠯᠬᠤ ᠶᠢ ᠪᠠᠳᠤᠯᠠᠬᠤ ᠪᠠᠷ᠂ ᠲᠥᠪ ᠤᠨ ᠠᠮᠦ ᠪᠤᠳᠠᠭ᠎ᠠ | ᠨᠦᠭᠡᠴᠡᠯᠡᠬᠦ ᠤᠯᠠᠭᠠᠨᠬᠤᠳᠠ ᠶᠢᠨ ᠰᠢᠭᠤᠳ ᠬᠠᠷᠢᠶ᠎ᠠ ᠬᠦᠮᠦᠷᠭᠡ ᠶᠢᠨ ᠬᠢᠵᠠᠭᠠᠷᠳᠦ ᠺᠤᠮᠫᠠᠨᠢ ᠠᠮᠤ ᠪᠤᠳᠠᠭ᠎ᠠ | ᠬᠤᠳᠠᠯᠳᠤᠨ ᠠᠪᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠦ᠂ ᠤᠳᠤᠬᠠᠨ ᠪᠤᠯᠳᠠᠯ᠎ᠠ ᠤᠯᠠᠭᠠᠨᠬᠤᠲᠠ ᠶᠢᠨ | ᠰᠢᠭᠤᠳ ᠬᠠᠷᠢᠶ᠎ᠠ ᠬᠥᠮᠥᠷᠭᠡ ᠶᠢᠨ ᠭᠤᠤᠯ ᠬᠥᠮᠥᠷᠭᠡ᠂ 4 ᠬᠤᠪᠢᠶᠠᠷᠢ ᠬᠥᠮᠥᠷᠭᠡ᠂ 3 ᠲᠦᠷᠢᠶᠡᠰᠦᠨ | ᠬᠥᠮᠥᠷᠭᠡ ᠶᠢᠨ ᠴᠡᠭ ᠨᠢᠭᠡᠨᠲᠡ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ | ᠡᠬᠢᠯᠡᠭᠦᠯᠪᠡ᠃ ᠭᠤᠣᠯ ᠬᠥᠮᠥᠷᠭᠡ ᠪᠠ ᠬᠠᠷᠢᠶ᠎ᠠ ᠣᠷᠣᠨ ᠤ ᠡᠯ᠎ᠡ ᠬᠤᠪᠢᠶᠠᠷᠢ ᠬᠥᠮᠥᠷᠭᠡ ᠡᠭᠦᠳᠡᠨ ᠳᠡᠭᠡᠷᠡᠬᠢ ᠢᠯᠡ | ᠭᠠᠵᠠᠷ ᠲᠤ ᠠᠮᠦ ᠪᠤᠳᠠᠭ᠎ᠠ ᠬᠤᠳᠠᠯᠳᠤᠨ ᠠᠪᠬᠤ ᠦᠨ᠎ᠡ ᠬᠠᠩᠰᠢ᠂ ᠪᠠᠷᠢᠮᠵᠢᠶ᠎ᠠ᠂ ᠦᠢᠯᠡᠴᠢᠯᠡᠭᠡᠨ ᠤ ᠨᠡᠶᠢᠲᠡ ᠶᠢᠨ | ᠭᠡᠷ᠎ᠡ ᠵᠡᠷᠭᠡ ᠶᠢ ᠢᠯᠡ ᠪᠠᠷ ᠨᠡᠶᠢᠳᠡᠯᠡᠪᠡ᠃ ᠡᠭᠦᠨ ᠤ ᠬᠠᠮᠳᠦ᠂ ᠲᠠᠷᠢᠶᠠᠯᠠᠩ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ | ᠲᠠᠰᠤᠷᠠᠯᠳᠠ ᠦᠭᠡᠢ ᠰᠢᠯᠢᠳᠡᠭᠵᠢᠬᠦᠯᠵᠦ᠂ ᠤᠷᠢᠳᠴᠢᠯᠠᠨ ᠪᠣᠯᠵᠣᠵᠤ ᠬᠤᠳᠠᠯᠳᠤᠨ ᠠᠪᠬᠤ᠂ ᠠᠮᠤ ᠪᠤᠳᠠᠭ᠎ᠠ ᠶᠢ | ᠤᠷᠢᠳᠴᠢᠯᠠᠨ ᠪᠠᠶᠢᠴᠠᠭᠠᠬᠤ ᠵᠡᠷᠭᠡ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠬᠥᠮᠥᠷᠭᠡ ᠶᠢ | ᠢᠯᠡᠭᠦᠦ ᠨᠡᠭᠡᠭᠡᠬᠦ᠂ ᠡᠭᠦᠳᠡ ᠪᠠᠨ ᠡᠷᠳᠡ ᠨᠡᠭᠡᠭᠡᠬᠦ᠂ ᠬᠤᠳᠠᠯᠳᠤᠨ ᠠᠪᠬᠤ ᠴᠠᠭ ᠢ ᠤᠷᠲᠤᠳᠬᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠠᠮᠤ ᠪᠤᠳᠠᠭ᠎ᠠ ᠬᠤᠳᠠᠯᠳᠤᠬᠤ ᠲᠠᠷᠢᠶᠠᠴᠢᠳ ᠢ ᠳᠤᠲᠠᠭᠤ ᠭᠦᠶᠦᠯᠭᠡᠨ᠂ ᠳᠤᠲᠠᠭᠤ | ᠬᠦᠯᠢᠶᠡᠯᠭᠡᠵᠤ᠂ ᠠᠮᠦ ᠪᠤᠳᠠᠭ᠎ᠠ ᠬᠤᠳᠠᠯᠳᠤᠨ ᠠᠪᠬᠤ ᠦᠷ᠎ᠠ ᠪᠦᠳᠦᠮᠵᠢ ᠶᠢ ᠲᠡᠭᠡᠭᠰᠢᠯᠡᠬᠦᠯᠪᠡ᠃ ︽ᠨᠢᠭᠡ ᠦᠷᠳᠡᠭᠡ | ᠮᠠᠶ᠋ᠢᠭ︾ ᠤᠨ ᠴᠣᠩᠬᠤᠪᠴᠢ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠮᠤ ᠪᠤᠳᠠᠭ᠎ᠠ | ᠬᠤᠳᠠᠯᠳᠤᠬᠤ ᠲᠠᠷᠢᠶᠠᠴᠢᠨ ᠡᠷᠦᠬᠡ ᠳᠤ ᠴᠠᠶ ᠤᠰᠤ᠂ ᠲᠦᠷ ᠠᠮᠠᠷᠠᠯᠲᠠ ᠶᠢᠨ ᠲᠠᠯᠠᠪᠤᠷ ᠵᠡᠷᠭᠡ ᠶᠢ ᠬᠠᠩᠭᠠᠪᠠ᠃ | ︽ᠪᠢᠳᠡ 2024 ᠣᠨ ᠤ 11 ᠰᠠᠷ᠎ᠠ ᠶᠢᠨ 15 ᠤ ᠡᠳᠦᠷ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ | ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠳᠠᠯᠳᠤᠨ ᠠᠪᠬᠤ ᠴᠠᠭ ᠢ ᠰᠠᠨᠠᠭᠠᠴᠢᠯᠠᠭ᠎ᠠ ᠠᠴᠠ ᠪᠠᠨ ᠤᠷᠲᠤᠳᠬᠠᠵᠤ᠂ | ᠥᠷᠯᠥᠭᠡ ᠶᠢᠨ 7 ᠴᠠᠭ ᠠᠴᠠ ᠡᠬᠢᠯᠡᠨ ᠠᠮᠤ ᠪᠤᠳᠠᠭ᠎ᠠ ᠬᠤᠷᠢᠶᠠᠵᠤ᠂ ᠣᠷᠣᠶ ᠶᠢᠨ 10 ᠴᠠᠭ ᠤᠨ ᠦᠶ᠎ᠡ ᠪᠠᠷ ᠠᠮᠤ | ᠪᠤᠳᠠᠭ᠎ᠠ ᠬᠤᠷᠢᠶᠠᠬᠤ ᠠᠵᠢᠯ ᠢᠶᠠᠨ ᠵᠤᠭᠰᠤᠳᠠᠭ᠂ ᠡᠳᠦᠷ ᠪᠦᠷᠢ 30 ᠭᠠᠷᠤᠶ ᠲᠡᠷᠭᠡ ᠠᠮᠤ ᠪᠤᠳᠠᠭ᠎ᠠ ᠪᠠᠭᠤᠯᠭᠠᠵᠤ᠂ | ᠡᠳᠦᠷ ᠲᠤ 8000 ᠲᠣᠨ ᠠᠮᠤ ᠪᠤᠳᠠᠭ᠎ᠠ ᠬᠤᠳᠠᠯᠳᠤᠨ ᠠᠪᠴᠤ᠂ ᠡᠳᠦᠷ ᠲᠤ 4000 ᠲᠣᠨ ᠠᠮᠦ ᠪᠤᠳᠠᠭ᠎ᠠ | ᠬᠠᠳᠠᠭᠠᠵᠤ ᠪᠠᠶᠢᠨ᠎ᠠ︾ ᠭᠡᠵᠦ ᠤᠯᠠᠭᠠᠨᠬᠤᠲᠠ ᠶᠢᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ ᠶᠢᠨ | ᠬᠥᠮᠥᠷᠭᠡ ᠶᠢᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠲᠡᠷᠭᠡᠯ ᠭᠡᠯᠡᠨ᠎ᠡ᠃ ︵ᠬᠠᠨ ᠢᠤᠢ ᠭᠧ | ᠲᠤᠯᠭᠠᠭᠤᠷᠢ︶ | | | | | | |