| ᠰᠢᠨᠬᠤᠸᠠ ᠬᠤᠷᠢᠶᠠᠨ ᠤ ᠪᠡᠬᠡᠵᠢᠩ ᠤᠨ 1 ᠳ᠋ᠦ᠋ᠭᠡᠷ ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ᠳᠤᠮᠳᠠᠳᠤ | ᠤᠯᠤᠰ ᠤᠨ ᠡᠪ ᠬᠠᠮᠳ᠋ᠪ ᠨᠠᠮ ᠤᠨ ᠳᠦᠪ ᠬᠤᠷᠢᠶᠠᠨ ᠤ ᠤᠯᠤᠰ ᠲᠥᠷᠥ ᠶᠢᠨ ᠳᠣᠪᠴᠢᠶᠠᠨ ᠤ ᠪᠠᠶᠢᠩᠭᠤ ᠶᠢᠨ ᠬᠡᠰᠢᠭᠦᠠ᠂ | ᠲᠥᠷᠥ ᠶᠢᠨ ᠶᠠᠪᠤᠲᠠᠯ ᠤᠨ ᠬᠤᠷᠢᠶᠠᠨ ᠤ ᠶᠠᠷᠣᠩᠭᠡᠢ ᠰᠠᠶᠢᠣᠠ ᠯᠢ ᠴᠢᠶᠠᠩ 1 ᠳ᠋ᠦ᠋ᠭᠡᠷ ᠰᠠᠷ᠎ᠠ ᠶᠢᠨ 20 ᠤ ᠡᠳᠦᠷ ᠤᠨ | ᠦᠲᠡ ᠶᠢᠨ ᠬᠤᠶᠢᠨ᠎ᠠ ᠳᠤᠰᠬᠠᠢ ᠮᠡᠷᠬᠡᠵᠢᠯᠲᠠᠨ᠂ ᠠᠵᠤ ᠠᠬᠤᠶᠢᠯᠠᠯᠲᠠᠨ ᠪᠠ ᠰᠤᠷᠭᠠᠨ ᠬᠦᠮᠦᠵᠢᠯ ᠰᠢᠨᠵᠢᠯᠡᠭᠦ ᠤᠬᠠᠭᠠᠨ | ᠰᠤᠶᠤᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠬᠡ ᠬᠦᠷᠢᠶᠡᠨ ᠤ ᠳᠦᠯᠦᠬᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ | ᠡᠷᠭᠢᠯᠡᠨ ᠬᠤᠷᠠᠯᠲᠤᠭᠤᠯᠵᠤ᠂ ︽ᠵᠠᠰᠠᠭ ᠤᠨ ᠤᠷᠲᠤᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾ ᠤᠨ | ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃ | ᠰᠠᠭᠤᠳᠠᠯ ᠤᠨ ᠬᠤᠷᠠᠯ ᠳᠡᠭᠡᠷ᠎ᠡ᠂ ᠵᠠᠩ ᠬᠤᠢ᠂ ᠷᠧᠨ ᠱᠤᠤ ᠪᠥᠸᠧ᠂ ᠯᠢᠦ ᠵᠢᠶᠦ᠋ᠨ᠂ ᠯᠢᠶᠠᠩ ᠸᠧᠨ ᠹᠧᠩ᠂ | ᠸᠧᠢ ᠬᠤᠩ ᠰᠢᠩ᠂ ᠴᠧᠨ ᠰᠢᠤᠸᠠᠢ ᠳ᠋ᠦᠩ᠂ ᠴᠧᠨ ᠬᠤᠩ ᠶᠠᠨ᠂ ᠳ᠋ᠦ᠋ ᠪᠢᠨ᠂ ᠽᠸᠦ ᠵᠢᠩ ᠶᠤᠸᠠᠨ ᠨᠠᠷ ᠤᠷᠢᠳ | ᠬᠤᠵᠢᠳ ᠦᠭᠡ ᠬᠡᠯᠡᠪᠡ᠃ ᠨᠢᠳᠤᠨᠤᠨ ᠭᠠᠳᠠᠭᠠᠳᠤ ᠶᠢᠨ ᠳᠠᠷᠤᠯᠲᠠ ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ | ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠮᠠᠨ ᠤ ᠤᠯᠤᠰ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠡᠭᠦᠳᠦᠯᠲᠡ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ | ᠨᠡᠶᠢᠲᠡᠯᠡᠨ᠂ ᠠᠵᠤ ᠠᠬᠤᠶ ᠶᠢᠨ ᠲᠠᠯ᠎ᠠ ᠳᠤ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠡᠯ᠎ᠡ ᠵᠦᠢᠯ ᠤᠨ ᠠᠵᠢᠯ | ᠦᠢᠯᠡᠰ ᠰᠢᠨ᠎ᠡ ᠠᠬᠢᠴᠠ ᠲᠠᠢ ᠪᠣᠯᠵᠤ᠂ ᠵᠠᠬ᠎ᠠ ᠳᠡᠯᠭᠡᠭᠦᠷ ᠤᠨ ᠵᠢᠱᠢᠯᠲᠡ ᠪᠠ ᠨᠡᠶᠢᠭᠡᠮ ᠤᠨ ᠢᠲᠡᠭᠡᠯ ᠵᠣᠷᠢᠭ ᠪᠦᠲᠦᠮᠵᠢᠲᠡᠶ | ᠳᠡᠭᠡᠭᠰᠢᠯᠡᠵᠦ᠂ ᠣᠯᠣᠭᠰᠠᠨ ᠠᠮᠵᠢᠯᠲᠠ ᠪᠦᠲᠦᠮᠵᠢ ᠴᠦ ᠬᠢᠯᠪᠠᠷ ᠪᠤᠰᠤ ᠶᠤᠮ ᠭᠡᠵᠦ ᠣᠯᠠᠨ ᠢᠶᠠᠷ ᠢᠶᠠᠨ ᠦᠵᠡᠵᠡᠭᠡᠪᠡ᠃ | ᠣᠯᠠᠨ ᠢᠶᠠᠷ ᠢᠶᠠᠨ ᠪᠠᠰᠠ ᠥᠪᠡᠷᠰᠡᠳ ᠤᠨ ᠢᠶᠠᠨ ᠬᠦᠷᠢᠶ᠎ᠡ ᠯᠦᠭᠡ ᠤᠶᠠᠯᠳᠤᠭᠤᠯᠤᠨ᠂ ᠣᠳᠣᠬᠠᠨ ᠤ ᠬᠥᠭᠵᠢᠯᠲᠡ ᠶᠢᠨ | ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠲᠤᠬᠠᠶ ᠰᠠᠨᠠᠯ | ᠰᠠᠨᠠᠭᠤᠯᠭ᠎ᠠ ᠳᠤᠷᠠᠳᠪᠠ᠃ | | | | | | 1 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠳᠤ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠠ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ | ᠲᠥᠯᠥᠭᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠤᠤᠷᠠᠭ︶︾ ᠤᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃ | ᠰᠢᠨᠬᠤᠸᠠ ᠬᠤᠷᠢᠶᠠᠨ ᠤ ᠰᠣᠷᠪᠤᠯᠵᠢᠯᠠᠬᠴᠢ ᠷᠣᠤ ᠠᠢ ᠮᠢᠠ ᠰᠠᠭᠦᠲᠠᠷᠯᠠᠪᠠ | | | ᠣᠯᠠᠨ ᠤ ᠶᠠᠷᠢᠶ᠎ᠠ ᠶᠢ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠬᠤ ᠳᠤ ᠪᠠᠨ᠂ | ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠤᠯᠤᠰ ᠢᠶᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠳᠤᠭᠤᠯᠤᠨ | ᠪᠡᠷᠬᠡ ᠶᠢ ᠳᠠᠪᠠᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠥᠭᠡᠳ ᠲᠣᠭᠲᠠᠭᠤᠨ ᠤ ᠳᠤᠮᠳᠠ | ᠤᠷᠤᠭᠰᠢᠯᠠᠵᠤ᠂ ᠪᠥᠬᠦ ᠵᠢᠯ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠵᠦ᠂ ᠴᠢᠨᠠᠷ | ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠲᠣᠭᠲᠠᠭᠤᠨ︾ ᠤ ᠰᠠᠭᠤᠷᠢ ᠨᠠᠩ ᠪᠠᠬᠢᠵᠢᠵᠦ᠂ ︽ | ᠤᠷᠤᠭᠰᠢᠯᠠᠯᠲᠠ︾ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠥᠬᠡᠶ ᠴᠢᠩᠭᠠᠷᠠᠪᠠ᠃ ᠡᠭᠦᠨ ᠤ ᠬᠠᠮᠲᠤ᠂ ᠮᠠᠨ ᠤ | ᠤᠯᠤᠰ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠢᠯᠠᠩᠭᠤᠶ᠎ᠠ | ᠭᠠᠳᠠᠭᠠᠳᠤ ᠣᠷᠴᠢᠨ ᠨᠥᠬᠦᠴᠡᠯ ᠤᠨ ᠲᠣᠭᠲᠠᠪᠤᠷᠢ ᠦᠭᠡᠢ ᠡᠯᠧᠮᠧᠨ᠋ᠲ ᠳᠡᠭᠡᠭᠰᠢᠯᠡᠵᠦ ᠪᠣᠢ᠂ ᠡᠳᠡᠭᠡᠷ ᠪᠠᠶᠢᠳᠠᠯ ᠢ | ᠣᠨᠣᠪᠴᠢᠲᠠᠢ ᠡᠵᠡᠮᠳᠡᠵᠦ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠳᠤ ᠴᠢᠳᠠᠮᠠᠭᠠᠢ ᠪᠠᠶᠢᠬᠤ | ᠬᠡᠷᠡᠭᠲᠡᠢ᠃ ᠮᠠᠨ ᠤ ᠤᠯᠤᠰ ᠲᠤ ᠪᠠᠶᠢᠭᠤᠯᠤᠯ᠂ ᠵᠠᠬ᠎ᠠ ᠳᠡᠯᠭᠡᠭᠦᠷ᠂ ᠠᠵᠤ ᠦᠢᠯᠡᠰ᠂ ᠴᠢᠳᠠᠪᠤᠷᠢᠲᠠᠨ ᠵᠡᠷᠭᠡ | ᠶᠡᠷᠦᠩᠬᠡᠶᠢᠯᠡᠭᠰᠡᠨ ᠳᠠᠪᠠᠭᠤᠯᠢᠭ ᠲᠠᠢ ᠪᠠᠶᠢᠵᠤ᠂ ᠠᠵᠤ ᠠᠬᠤᠶ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ | ᠬᠠᠨᠳᠤᠰᠢ ᠬᠤᠪᠢᠷᠬᠠᠰᠠᠨ ᠦᠭᠡᠶ ᠮᠥᠷᠲᠡᠭᠡᠨ ᠬᠤᠪᠢᠷᠠᠬᠤ ᠴᠤ ᠦᠭᠡᠶ ᠶᠤᠮ᠂ ᠥᠪᠡᠷ ᠤᠨ ᠠᠵᠢᠯ ᠶᠠᠪᠤᠳᠠᠯ ᠢᠶᠠᠨ ᠡᠷᠡᠰ | ᠭᠤᠶᠢᠪᠢᠰᠢ ᠦᠭᠡᠶ ᠰᠠᠶᠢᠲᠤᠷ ᠬᠢᠳᠡᠭ ᠯᠡ ᠶᠤᠮ ᠪᠣᠯ ᠮᠠᠨ ᠤ ᠤᠯᠤᠰ ᠤᠨ ᠠᠵᠤ ᠠᠬᠤᠶ ᠶᠢᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠯᠠᠪᠲᠠᠶ ᠠᠬᠢᠭᠤᠯᠵᠤ ᠴᠢᠳᠠᠨ᠎ᠠ ᠭᠡᠵᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠣᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠂ ᠡᠳ᠋ ᠤᠨ ᠵᠠᠰᠠᠭ ᠤᠨ | ᠲᠦᠷᠦ ᠶᠢᠨ ᠪᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠤᠷᠤᠭᠰᠢ ᠪᠠᠨ ᠬᠦᠴᠦᠯᠡᠵᠦ᠂ ᠪᠣᠳᠠᠲᠠᠢ ᠵᠠᠷᠤᠯᠭ᠎ᠠ ᠶᠢ ᠲᠦᠷᠭᠡᠨ | ᠪᠦᠷᠢᠯᠳᠦᠭᠦᠯᠵᠦ᠂ ᠵᠣᠭᠤᠰᠣᠨ ᠤ ᠲᠦᠷᠦ ᠶᠢᠨ ᠪᠤᠳᠤᠯᠭ᠎ᠠ ᠳᠤ ᠬᠥᠳᠡᠯᠦᠩᠭᠦᠢ ᠴᠢᠨᠠᠷ ᠢᠶᠠᠨ ᠭᠦᠢᠴᠡᠳ ᠪᠠᠶᠢᠯᠭᠠᠬᠤ ᠶᠢ | ᠪᠠᠲᠤᠯᠠᠨ᠂ ᠪᠡᠯᠡ ᠮᠥᠩᠭᠦ ᠶᠢ ᠪᠣᠳᠠᠲᠤ ᠴᠣᠭᠴᠠ ᠶᠢᠨ ᠠᠵᠤ ᠠᠬᠤᠢ ᠲᠡᠶᠢᠰᠢ ᠭᠦᠢᠴᠡᠳ ᠰᠢᠯᠵᠢᠬᠦ ᠶᠢ ᠠᠬᠢᠭᠤᠯᠵᠤ᠂ | ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠬᠤᠯᠠᠴᠢᠯᠠᠵᠤ᠂ ᠥᠷᠢᠰᠥᠯᠳᠦᠭᠡᠨ ᠢ ᠠᠷᠭᠠᠴᠠᠭᠠᠬᠤ᠂ | ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ | ᠡᠭᠦᠨ ᠤ ᠬᠠᠮᠲᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠶᠢ ᠲᠠᠭᠠᠨ ᠮᠥᠷᠳᠡᠵᠦ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢᠨ | ᠬᠠᠮ ᠠᠷᠭ᠎ᠠ ᠬᠡᠮᠵᠢᠶ᠎ᠡ ᠶᠢ ᠭᠦᠢᠴᠡᠳ ᠲᠡᠭᠦᠯᠳᠡᠷᠵᠢᠭᠦᠯᠬᠦ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ ᠲᠦᠭᠵᠢᠷᠡᠯ ᠢ ᠨᠡᠪᠲᠡᠷᠡᠭᠦᠯᠬᠦ ᠶᠢᠨ ᠲᠣᠭᠤᠷᠢᠨ ᠳᠤ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠪᠦᠲᠦᠭᠡᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ᠂ ᠭᠠᠭᠴᠠ ᠲᠠᠯ᠎ᠠ ᠪᠠᠷ ᠨᠡᠭᠡᠭᠡᠯᠲᠡ ᠬᠢᠬᠦ ᠶᠢ ᠡᠮᠬᠢ | ᠵᠢᠷᠤᠮ ᠲᠠᠢ ᠥᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ | ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠪᠣᠯᠤᠨ ᠬᠤᠰᠢᠭᠤᠷᠠᠯ ᠮᠡᠷᠭᠡᠵᠢᠯ ᠳᠤ ᠰᠢᠪᠲᠤᠯᠤᠯᠲᠠ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢᠶᠠᠨ ᠠᠵᠤ ᠦᠢᠯᠡᠰᠵᠢᠭᠦᠯᠬᠦ ᠶᠢ ᠲᠦᠷᠭᠡᠳᠭᠡᠨ ᠠᠬᠢᠭᠤᠯᠵᠤ᠂ ᠨᠡᠩ ᠤᠯᠠᠨ ᠠᠵᠤ | ᠠᠬᠤᠢ ᠶᠢᠨ ᠰᠢᠨ᠎ᠡ ᠨᠡᠮᠡᠭᠳᠡᠯ ᠴᠡᠭ ᠢ ᠴᠢᠷᠮᠠᠶᠢᠨ ᠪᠤᠶᠢᠵᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠠᠷ ᠨᠡᠩ ᠴᠢᠷᠮᠠᠶᠢᠨ ᠬᠦᠴᠦᠯᠡᠵᠦ᠂ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ | ᠳᠠᠷᠤᠭᠠᠰᠤ ᠪᠠᠨ ᠬᠥᠩᠭᠡᠷᠡᠭᠦᠯᠬᠦ ᠶᠢ ᠨᠢ ᠠᠬᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | ᠯᠢ ᠴᠢᠶᠠᠩ᠂ ᠤᠯᠠᠨ ᠢᠶᠠᠷ ᠢᠶᠠᠨ ᠥᠪᠡᠷᠰᠡᠳ ᠤᠨ ᠢᠶᠠᠨ ᠬᠦᠷᠢᠶᠡᠨ ᠳᠤ ᠪᠠᠨ ᠬᠦᠴᠦᠯᠡᠨ ᠴᠢᠷᠮᠠᠶᠢᠵᠤ᠂ ᠠᠵᠢᠯ | ᠬᠢᠵᠦ ᠦᠢᠯᠡᠰ ᠪᠤᠰᠬᠠᠬᠤ ᠶᠢᠨ ᠬᠠᠮᠲᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠨᠡᠩ | ᠤᠯᠠᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ | ᠡᠦ ᠵᠧᠩ ᠯᠦᠩ ᠰᠠᠭᠤᠳᠠᠯ ᠤᠨ ᠬᠤᠷᠠᠯ ᠳᠤ ᠣᠷᠣᠯᠴᠠᠪᠠ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠤᠷᠠᠭ︶︾ ᠨᠢ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠠᠴᠠ ᠵᠡᠷᠭᠡ ᠳᠤ ᠨᠢ ᠰᠠᠨᠠᠯ ᠬᠤᠷᠢᠶᠠᠪᠠ᠃ | | | |