ᠭᠡᠭᠡᠨᠰᠦ᠋ᠮ᠎ᠡ ᠪᠠᠯᠭᠠᠰᠤ ᠣᠨᠴᠠᠭᠠᠢ ᠬᠡᠤᠬᠡᠳ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/21
        ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠨᠠᠮ ᠪᠣᠯᠤᠨ ᠵᠠᠰᠠᠭ ᠤᠨ ᠣᠷᠳᠣᠨ ᠤ ᠬᠠᠷᠢᠶ᠎ᠠ ᠣᠷᠣᠨ ᠤ ᠣᠨᠴᠠᠭᠠᠢ ᠬᠡᠦᠬᠡᠳ ᠲᠠᠬᠢ ᠬᠠᠶᠢᠷ᠎ᠠ ᠬᠠᠯᠠᠮᠵᠢ ᠶᠢ ᠤᠯᠠᠮ ᠴᠢᠨᠠᠭᠰᠢᠳᠠ ᠳᠠᠮᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠣᠨᠴᠠᠭᠠᠢ ᠬᠡᠦᠬᠡᠳ ᠤᠨ ᠠᠮᠢᠳᠤᠷᠠᠯ ᠤᠨ ᠪᠠᠶᠢᠳᠠᠯ ᠢ ᠤᠢᠢᠯᠠᠭᠠᠨ ᠡᠵᠡᠮᠰᠢᠵᠦ᠂ ᠣᠨᠴᠠᠭᠠᠢ ᠬᠡᠦᠬᠡᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠡᠦᠬᠡᠳ ᠤᠳ ᠢ ᠬᠠᠯᠠᠭᠤᠨ ᠳᠤᠯᠠᠭᠠᠨ ᠰᠢᠨᠡᠯᠡᠭᠦᠯᠬᠦ ᠶᠢᠨ ᠲᠥᠯᠥᠭᠡ᠂ 1 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ᠂ ᠪᠠᠯᠭᠠᠰᠤᠨ ᠤ ᠳᠡᠳ᠋ ᠳᠠᠷᠤᠭ᠎ᠠ ᠰᠠᠷᠠᠭᠤᠯ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠪᠠᠨ ᠣᠨᠴᠠᠭᠠᠢ ᠬᠡᠦᠬᠡᠳ ᠤᠨ ᠭᠡᠷ ᠲᠤ ᠬᠦᠷᠴᠦ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠬᠠᠯᠠᠮᠵᠢᠯᠠᠯ ᠪᠠ ᠵᠥᠩᠨᠡᠯ ᠳᠡᠪᠰᠢᠭᠦᠯᠵᠡᠢ᠃            ᠲᠣᠬᠤᠨᠢᠭᠤᠯᠬᠤ ᠶᠠᠪᠤᠴᠠ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ ᠬᠡᠦᠬᠡᠳ ᠤᠳ ᠵᠢᠴᠢ ᠭᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠵᠤ᠂ ᠬᠡᠦᠬᠡᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ᠂ ᠬᠡᠦᠬᠡᠳ ᠤᠳ ᠲᠤ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠬᠡᠦᠬᠡᠳ ᠤᠳ ᠢ ᠰᠠᠶᠢᠲᠤᠷ ᠰᠤᠷᠤᠯᠴᠠᠵᠤ᠂ ᠪᠠᠶᠠᠰᠤᠩᠭᠤᠢ ᠥᠭᠡᠳᠡᠷᠬᠡᠭ ᠵᠣᠷᠢᠭ ᠰᠠᠨᠠᠭ᠎ᠠ ᠪᠠᠷ ᠠᠮᠢᠳᠤᠷᠠᠯ ᠤᠨ ᠳᠤᠮᠳᠠᠬᠢ ᠡᠯ᠎ᠡ ᠵᠦᠢᠯ ᠤᠨ ᠬᠦᠴᠢᠷᠳᠡᠯ ᠪᠠ ᠥᠷᠢᠰᠥᠯᠳᠦᠭᠡᠨ ᠢ ᠤᠭᠲᠤᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠭᠡᠷ ᠤᠨ ᠬᠥᠮᠦᠰ ᠲᠤᠨᠢ ᠬᠡᠦᠬᠡᠳ ᠤᠨ ᠡᠳᠦᠷ ᠲᠤᠳᠤᠮ ᠤᠨ ᠠᠮᠢᠳᠤᠷᠠᠯ ᠢ ᠰᠡᠳᠬᠢᠯ ᠲᠠᠯᠪᠢᠨ ᠬᠠᠷᠠᠭᠠᠯᠵᠠᠵᠤ᠂ ᠲᠡᠳᠡᠨ ᠤ ᠪᠡᠶ᠎ᠡ ᠰᠡᠳᠬᠢᠯ ᠤᠨ ᠬᠥᠭᠵᠢᠯᠲᠡ ᠶᠢ ᠬᠠᠯᠠᠮᠵᠢᠯᠠᠵᠤ᠂ ᠬᠦᠴᠢᠷᠳᠡᠯ ᠪᠠ ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠨᠡᠪᠲᠡᠷᠡᠯᠴᠡᠨ ᠬᠠᠷᠢᠯᠴᠠᠵᠤ᠂ ᠬᠡᠦᠬᠡᠳ ᠤᠨ ᠠᠮᠤᠷ ᠲᠦᠪᠰᠢᠨ ᠣᠷᠴᠢᠨ ᠲᠣᠭᠤᠷᠢᠨ ᠳᠤ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃   
640 (2).jpg
        ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠣᠨᠴᠠᠭᠠᠶ ᠬᠡᠤᠬᠡᠳ ᠤᠨ ᠬᠡᠷ ᠪᠦᠯᠢ ᠳᠤ ᠪᠣᠳᠠᠰ ᠤᠨ ᠲᠠᠯ᠎ᠠ ᠶᠢᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠲᠡᠳᠡᠨ ᠳᠤ ᠰᠡᠳᠬᠢᠯᠭᠡ ᠶᠢᠨ ᠲᠠᠯ᠎ᠠ ᠶᠢᠨ ᠬᠠᠯᠠᠮᠵᠢᠯᠠᠯ ᠪᠠ ᠣᠶᠤᠨ ᠰᠠᠨᠠᠭᠠᠨ ᠤ ᠵᠣᠷᠢᠭᠵᠢᠭᠤᠯᠤᠯ ᠬᠦᠷᠲᠡᠭᠡᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠬᠠᠶᠢᠷ᠎ᠠ ᠬᠠᠯᠠᠮᠵᠢ ᠶᠢ ᠭᠦᠨᠵᠡᠭᠡᠶ ᠮᠡᠳᠡᠷᠡᠭᠦᠯᠦᠭᠰᠡᠨ ᠪᠠᠶᠢᠨ᠎ᠠ᠃         ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠬᠡᠦᠬᠡᠳ ᠤᠳ ᠲᠤ ᠨᠡᠩ ᠤᠯᠠᠨ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠡᠦᠬᠡᠳ ᠤᠳ ᠲᠤ ᠨᠡᠩ ᠬᠠᠯᠠᠭᠤᠨ ᠳᠤᠯᠠᠭᠠᠨ ᠪᠠ ᠵᠣᠯ ᠵᠢᠷᠭᠠᠯᠲᠤ ᠦᠰᠦᠨ ᠪᠤᠶᠢᠵᠢᠬᠤ ᠣᠷᠴᠢᠨ ᠲᠣᠭᠤᠷᠢᠨ ᠢ ᠡᠭᠦᠳᠴᠦ ᠥᠭᠭᠦᠨ᠎ᠡ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号