ᠲᠡᠮᠦᠷ ᠵᠠᠮ ᠤᠨ ᠪᠠᠷᠠᠭᠤᠡᠳᠡᠬᠢ ᠵᠡᠭᠡᠯᠢ ᠴᠠᠭᠠᠨ ᠰᠠᠷ᠎ᠠ ᠠᠴᠠ ᠡᠮᠦᠨᠡᠬᠢ ᠬᠠᠤᠯᠢ ᠬᠡᠷᠡᠭᠵᠢᠭᠦᠯᠬᠦ ᠬᠠᠮᠲᠤᠷᠠᠭᠰᠠᠨ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/21
        ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠤᠯᠠᠭᠠᠨᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠴᠠᠭᠠᠨ ᠰᠠᠷ᠎ᠠ ᠠᠴᠠ ᠡᠮᠦᠨᠡᠬᠢ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠵᠡᠭᠡᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠦᠲᠦᠮᠵᠢᠲᠡᠶ ᠴᠢᠩᠭᠠᠳᠬᠠᠵᠤ᠂ ᠡᠯ᠎ᠡ ᠲᠥᠷᠥᠯ ᠤᠨ ᠡ᠊ᠡᠳᠡᠯ ᠭᠠᠷᠬᠤ ᠶᠢ ᠰᠡᠷᠭᠡᠶᠢᠯᠡᠵᠦ᠂ ᠬᠠᠷᠢᠶᠠᠲᠤ ᠣᠷᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ 1 ᠰᠠᠷ᠎ᠠ ᠶᠢᠨ 19 ᠤ ᠡᠳᠦᠷ ᠂ ᠲᠡᠮᠦᠷ ᠵᠠᠮ ᠤᠨ ᠪᠠᠷᠠᠭᠤᠡᠳᠡᠬᠢ ᠵᠡᠭᠡᠯᠢ ᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠡᠮᠦᠷ ᠵᠠᠮ ᠤᠨ ᠪᠠᠷᠠᠭᠤᠨᠳᠡᠬᠢ ᠳᠣᠲᠤᠭᠠᠳᠤ ᠶᠢ ᠬᠠᠮᠠᠭᠠᠯᠠᠬᠤ ᠰᠠᠯᠪᠤᠷᠢ ᠲᠠᠢ ᠬᠠᠮᠲᠤᠷᠠᠨ ᠴᠠᠭᠠᠨ ᠰᠠᠷ᠎ᠠ ᠠᠴᠠ ᠡᠮᠦᠨᠡᠬᠢ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ᠃        ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ︽ᠶᠢᠰᠦᠨ ᠪᠠᠭ᠎ᠠ ᠲᠠᠯᠠᠪᠤᠷ︾᠂ ᠬᠥᠮᠦᠨ ᠬᠠᠷ᠎ᠠ ᠣᠯᠠᠨ ᠭᠠᠵᠠᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠴᠢᠯᠦᠭᠡᠲᠦ ᠳᠡᠯᠭᠡᠭᠦᠷ᠂ ᠵᠤᠭ᠎ᠠ ᠴᠡᠩᠭᠡᠯ ᠤᠨ ᠭᠠᠵᠠᠷ ᠂ ᠫᠤᠤᠵᠢᠩ ᠤᠨ ᠳᠡᠯᠭᠡᠭᠦᠷ ᠲᠤ ᠭᠦᠨᠵᠡᠭᠡᠶᠢᠷᠡᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠥᠷᠨᠢᠭᠦᠯᠵᠦ᠂ ᠡᠯ᠎ᠡ ᠲᠥᠷᠥᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡ᠊ᠡᠳᠡᠯ ᠤᠨ ᠲᠦᠭᠰᠢᠭᠦᠷᠢ ᠶᠢ ᠭᠤᠤᠯᠳᠠᠯᠭ᠎ᠠ ᠲᠠᠢ ᠰᠡᠷᠭᠡᠶᠢᠯᠡᠨ ᠠᠷᠢᠯᠭᠠᠪᠠ᠃
640 (1).jpg
        ᠪᠠᠶᠢᠴᠠᠭᠠᠬᠤ ᠳᠤᠭᠤᠶᠢᠯᠠᠩ ᠤᠨ ᠬᠢᠨ ᠭᠠᠯ ᠰᠡᠷᠭᠡᠶᠢᠯᠡᠵᠦ ᠤᠨᠲᠠᠷᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠪᠠ ᠲᠠᠷᠬᠠᠭᠠᠨ ᠶᠠᠪᠤᠭᠤᠯᠬᠤ ᠵᠢᠭᠠᠯᠲᠠ ᠶᠢᠨ ᠲᠡᠮᠳᠡᠭ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠭᠰᠠᠨ ᠡᠰᠡᠬᠦ ᠪᠠ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠡᠰᠡᠬᠦ ᠶᠢ ᠨᠠᠷᠢᠨ ᠪᠠᠶᠢᠴᠠᠭᠠᠨ ᠦᠵᠡᠪᠡ᠃ ︽ᠶᠢᠰᠦᠨ ᠪᠠᠭ᠎ᠠ ᠲᠠᠯᠠᠪᠤᠷ︾ ᠤᠨ ᠳᠣᠲᠣᠷᠠᠬᠢ ᠴᠠᠬᠢᠯᠭᠠᠨ ᠤᠲᠠᠰᠤᠨ ᠳᠤ ᠴᠢᠭᠯᠡᠭᠦᠯᠦᠨ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠭᠰᠠᠨ᠂ ᠬᠠᠭᠤᠴᠢᠷᠠᠵᠤ ᠡᠪᠳᠡᠷᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠵᠤ᠂ ᠴᠠᠬᠢᠯᠭᠠᠨ ᠤ ᠭᠡᠮ ᠰᠣᠭᠤᠭ ᠠᠴᠠ ᠪᠣᠯᠵᠤ ᠭᠠᠯ ᠤᠨ ᠭᠠᠮᠰᠢᠭ ᠤᠨ ᠡ᠊ᠡᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠬᠠᠮᠲᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠡᠰᠡᠬᠦ᠂ ᠠᠵᠢᠯᠴᠢᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠬᠦᠷᠲᠡᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃
640 (2).jpg
640 (3).jpg        ᠫᠤᠤᠵᠢᠩ ᠤᠨ ᠳᠡᠯᠭᠡᠭᠦᠷ ᠢ ᠰᠢᠮᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠨᠢ
ᠴᠢᠩᠭᠠᠷᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃
640 (5).jpg
        ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠨᠢ ᠬᠤᠳᠠᠯᠳᠤᠭᠠᠴᠢᠨ ᠡᠷᠦᠬᠡ ᠳᠤ ᠬᠠᠨᠳᠤᠭᠤᠯᠤᠭᠰᠠᠨ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠤ ᠬᠦᠴᠦᠲᠡᠶ ᠪᠠᠲᠤᠯᠠᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠲᠡᠮᠦᠷ ᠵᠠᠮ ᠤᠨ ᠪᠠᠷᠠᠭᠤᠡᠳᠡᠬᠢ ᠵᠡᠭᠡᠯᠢ ᠦᠷᠭᠦᠯᠵᠢᠯᠡᠨ ᠴᠢᠷᠮᠠᠶᠢᠵᠤ᠂ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠮᠲᠤᠷᠠᠨ ᠪᠠᠶᠢᠴᠠᠭᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠡ᠊ᠡᠳᠡᠯ ᠢ ᠰᠡᠷᠭᠡᠶᠢᠯᠡᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠵᠤ᠂ ᠨᠢᠭᠡ ᠶᠢ ᠪᠠᠬᠢᠵᠢᠭᠦᠯᠵᠦ᠂ ᠰᠠᠭᠤᠭᠠᠯᠢ ᠠᠷᠠᠳ ᠲᠤ ᠠᠮᠤᠷ ᠲᠦᠪᠰᠢᠨ᠂ ᠡᠮᠬᠢ ᠵᠢᠷᠤᠮ ᠲᠠᠢ᠂ ᠡᠶ᠎ᠡ ᠵᠣᠬᠢᠴᠠᠩᠭᠤᠶ᠂ ᠰᠠᠶᠢᠨ ᠰᠠᠶᠢᠬᠠᠨ ᠬᠡᠷ ᠣᠷᠣᠨ ᠢ ᠪᠣᠶ ᠪᠣᠯᠭᠠᠵᠤ ᠥᠭᠭᠦᠨ᠎ᠡ    
 
ᠢᠷᠡᠯᠲᠡ᠄ ᠲᠡᠮᠦᠷ ᠵᠠᠮ ᠤᠨ ᠪᠠᠷᠠᠭᠤᠡᠳᠡᠬᠢ ᠵᠡᠭᠡᠯᠢ ᠶᠢᠨ ᠬᠡᠷᠡᠭ ᠡᠷᠬᠢᠯᠡᠭᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号