ᠬᠢᠩᠭᠠᠨ ᠠᠶᠢᠮᠠᠭ ᠪᠥᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/1/22
        1 ᠰᠠᠷ᠎ᠠ ᠶᠢᠨ 20 ᠶᠢᠨ ᠡᠳᠦᠷ᠂ ᠬᠢᠩᠭᠠᠨ ᠠᠶᠢᠮᠠᠭ ᠪᠦᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠶᠠᠷᠢᠶ᠎ᠠ ᠲᠠᠯᠪᠢᠵᠤ᠂ ᠠᠶᠢᠮᠠᠭ ᠤᠨ ᠤᠳᠤᠷᠢᠳᠤᠯᠭ᠎ᠠ ᠢᠦᠶ ᠵᠢᠶ ᠱᠦᠨ᠂ ᠰᠢᠤᠢ ᠵᠦᠸᠧ᠂ ᠶᠠᠩ ᠵᠢᠶ ᠫᠧᠩ ᠨᠡᠷ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠧᠩ ᠠᠢ ᠰᠢᠶᠠ ᠬᠤᠷᠠᠯ ᠢ ᠡᠷᠬᠢᠯᠡᠪᠡ᠃        ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠪᠦᠬᠦ ᠠᠶᠢᠮᠠᠭ ᠤᠨ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠦᠳᠲᠡᠷ ᠲᠦᠷᠭᠡᠨ ᠵᠣᠬᠢᠶᠠᠨ ᠪᠠᠶᠢᠭᠤᠯᠤᠨ ᠪᠠᠶᠢᠷᠢᠯᠠᠭᠤᠯᠵᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ︽ᠲᠠᠪᠤᠨ ᠨᠢᠭᠡᠳᠦᠭᠡᠷ︾ ᠤᠨ ᠠᠵᠢᠯ ᠤᠨ ᠣᠨᠣᠯᠵᠢᠬᠤᠨ ᠢ ᠪᠠᠷᠢᠮᠲᠠᠯᠠᠵᠤ᠂ ᠲᠠᠪᠤᠨ ᠶᠡᠭᠡ ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠵᠦ ᠂ ᠵᠢᠷᠭᠤᠭᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ ᠭᠡᠪᠡ᠃        ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠠᠷᠭ᠎ᠠ ᠪᠤᠳᠤᠯᠭ᠎ᠠ ᠶᠢᠨ ᠠᠵᠢᠯᠯᠠᠭ᠎ᠠ ᠪᠠᠷ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠪᠠᠷ ᠬᠥᠲᠥᠯᠦᠮᠵᠢ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠰᠦᠪᠡᠭᠴᠢᠯᠡᠵᠦ᠂ ᠲᠦᠷᠦᠯ ᠵᠦᠢᠯ ᠢ ᠠᠩᠬᠠᠷᠴᠤ᠂ ᠲᠦᠷᠦᠯ ᠵᠦᠢᠯ ᠢ ᠭᠤᠶᠤᠴᠢᠯᠠᠨ ᠤᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠢ ᠨᠡᠩ ᠡᠷᠴᠢᠮᠲᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠬᠥᠲᠥᠯᠦᠮᠵᠢ ᠪᠣᠯᠭᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠳᠡᠰ ᠳᠡᠪᠰᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠦᠢᠯᠡᠴᠢᠯᠡᠭᠡ ᠶᠢ ᠳᠡᠮᠵᠢᠬᠦ ᠪᠠᠨ ᠤᠯᠠᠮ ᠨᠢᠭᠡ ᠠᠯᠬᠤᠮ ᠴᠢᠩᠭᠠᠳᠬᠠᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ︽ᠲᠦᠷᠪᠡᠨ ᠶᠡᠭᠡ ᠠᠵᠢᠯᠯᠠᠭ᠎ᠠ︾ ︽ᠵᠢᠷᠭᠤᠭᠠᠨ ᠶᠡᠭᠡ ᠠᠷᠭ᠎ᠠ ᠬᠡᠮᠵᠢᠶ᠎ᠡ︾ ᠶᠢ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠳᠤᠲᠠᠭᠤᠳᠠᠯ ᠢ ᠱᠠᠯᠠᠪᠳᠠᠨ ᠨᠥᠬᠦᠪᠥᠷᠢᠯᠡᠵᠦ᠂ ᠠᠮᠤᠷ ᠲᠦᠪᠰᠢᠨ ᠲᠣᠭᠲᠠᠭᠤᠨ ᠤ ᠠᠵᠢᠯ ᠢ ᠨᠠᠷᠢᠨ ᠪᠣᠳᠠᠲᠠᠢ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠤᠯᠠᠨ ᠬᠦᠷᠳᠡᠮᠵᠢ ᠶᠢᠨ ᠲᠦᠷᠦᠭᠳᠡᠯ ᠲᠠᠢ ᠪᠤᠯᠭᠠᠬᠤ ᠬᠡᠷᠡᠭᠳᠡᠢ᠃ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠨ ᠥᠭᠡᠷᠡᠴᠢᠯᠡᠯᠲᠡ ᠨᠡᠭᠡᠭᠡᠯᠳᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠠᠮᠲᠤᠷᠠᠯᠴᠠᠭ᠎ᠠ ᠶᠢ ᠥᠷᠭᠡᠳᠭᠡᠵᠦ᠂ ᠭᠤᠣᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠳᠡ ᠶᠢᠨ ᠡᠬᠦᠷᠭᠡ ᠶᠢ ᠦᠷᠬᠦᠯᠵᠢᠯᠡᠨ ᠠᠬᠢᠭᠤᠯᠵᠦ᠂ ᠨᠡᠩ ᠤᠯᠠᠨ ᠰᠢᠪᠳᠤᠯᠤᠯᠳᠠ ᠶᠢᠨ ᠴᠢᠨᠠᠷᠳᠠᠢ᠂ ᠪᠡᠯᠭᠡ ᠲᠡᠮᠳᠡᠭ ᠤᠨ ᠴᠢᠨᠠᠷᠳᠠᠢ᠂ ᠬᠢᠩᠭᠠᠨ ᠠᠶᠢᠮᠠᠭ ᠤᠨ ᠤᠨᠴᠠᠯᠢᠭ ᠲᠠᠢ ᠦᠷ᠎ᠡ ᠪᠦᠲᠦᠭᠡᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠦᠭᠵᠢᠬᠦ ᠶᠢ ᠠᠬᠢᠭᠤᠯᠵᠦ᠂ ᠤᠮᠠᠷᠠᠲᠤ ᠬᠢᠯᠢ ᠶᠢᠨ ᠰᠣᠶᠣᠯ ᠢ ᠢᠯᠡᠷᠡᠭᠦᠯᠦᠭᠰᠡᠨ ᠨᠡᠩ ᠤᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠵᠤ᠂ ᠪᠦᠬᠦ ᠠᠶᠢᠮᠠᠭ ᠤᠨ ᠬᠦᠴᠦᠨ ᠢ ᠲᠠᠶᠢᠴᠢᠯᠠᠨ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠦᠳᠦᠬᠡᠨ ᠪᠠᠶᠢᠭᠤᠯᠬᠤ ᠬᠡᠷᠡᠭᠲᠡᠢ ᠭᠡᠪᠡ᠃        ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ ︵ᠵᠠᠩ ᠸᠧᠶ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号