ᠬᠢᠩᠭᠠᠨ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠮᠣᠩᠭᠤᠯ ᠮᠣᠷᠢᠨ ᠤ ᠵᠣᠷᠢᠭ ᠰᠠᠨᠠᠭ᠎ᠠ ᠶᠢᠨ ᠭᠤᠤᠯ ᠰᠡᠳᠦᠪᠳᠦ ᠬᠢᠴᠢᠶᠡᠯ ᠤᠨ ᠬᠡᠷ ᠲᠤ ᠬᠠᠮᠲᠤ ᠶᠢᠨ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/22
        1 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢᠨ ᠭᠤᠤᠯ ᠰᠡᠳᠦᠪᠲᠦ ᠬᠢᠴᠢᠶᠡᠯ ᠤᠨ ᠬᠡᠷ ᠲᠤ ᠬᠠᠮᠳᠦ ᠶᠢᠨ ᠰᠤᠷᠤᠯᠴᠠᠯᠭ᠎ᠠ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠰᠤᠷᠤᠯᠴᠠᠯᠭ᠎ᠠ ᠳᠤ ᠤᠷᠤᠯᠴᠠᠭᠰᠠᠨ ᠪᠦᠭᠡᠳ ᠤᠳᠤᠷᠢᠳᠬᠤ ᠪᠠᠭ ᠤᠨ ᠭᠡᠰᠢᠬᠦᠳ ᠲᠠᠢ ᠬᠠᠮᠲᠤᠪᠠᠷ ᠰᠡᠳᠭᠢᠯ ᠤᠨ ᠦᠭᠡ ᠪᠠᠨ ᠶᠠᠷᠢᠯᠴᠠᠪᠠ᠃        ᠢᠦᠢ ᠵᠶᠢ ᠱᠦᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠦᠭᠬᠦᠭᠰᠡᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠠᠭ ᠢᠮᠠᠭᠳᠠ ᠰᠤᠷᠤᠯᠴᠠᠵᠦ᠂ ᠬᠢᠩᠭᠠᠨ ᠠᠶᠢᠮᠠᠭ ᠤᠨ ᠪᠣᠳᠠᠲᠥ ᠪᠠᠶᠢᠳᠡᠯ ᠲᠠᠢ ᠤᠶᠠᠯᠳᠤᠭᠤᠯᠤᠨ ᠰᠠᠶᠢᠲᠤᠷ ᠰᠤᠳᠤᠯᠤᠨ ᠲᠦᠯᠦᠪᠵᠢᠬᠦᠯᠵᠦ᠂ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠦᠭᠵᠢᠯᠳᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ᠂ ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠢᠴᠢ ᠡᠯ᠎ᠡ ᠵᠦᠢᠯ ᠤᠨ ᠡᠭᠦᠷᠭᠡ ᠶᠢ ᠠᠵᠢᠯ ᠤᠨ ᠨᠠᠷᠢᠨ ᠳᠠᠩᠰᠠ ᠪᠣᠯᠭᠠᠨ ᠪᠣᠳᠠᠲᠠᠶᠢᠵᠢᠭᠤᠯᠵᠤ᠂ ᠨᠢᠭᠡᠤᠨ ᠨᠢᠭᠡ ᠪᠠᠷ ᠠᠬᠢᠭᠤᠯᠵᠤ᠂ ᠳᠦᠷᠢᠮ ᠲᠤᠭᠳᠠᠭᠠᠯ ᠲᠠᠢ᠂ ᠦᠷ᠎ᠡ ᠳ᠋ᠦᠩ ᠲᠠᠢ ᠪᠠᠶᠢᠬᠤ ᠶᠢ ᠪᠠᠲᠤᠯᠠᠬᠤ ᠬᠡᠷᠡᠭᠳᠡᠢ᠃ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠦᠬᠦᠷᠡᠰᠢ ᠦᠭᠡᠢ ᠴᠢᠷᠮᠠᠶᠢᠬᠤ ᠡᠷᠴᠢ ᠵᠤᠷᠢᠭ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠤᠭᠰᠤᠬᠤ ᠦᠭᠡᠢ ᠬᠠᠲᠠᠭᠤ ᠵᠣᠷᠢᠭ ᠢᠶᠠᠷ ᠡᠯ᠎ᠡ ᠲᠥᠷᠥᠯ ᠤᠨ ᠠᠵᠢᠯ ᠢ ᠠᠬᠢᠭᠤᠯᠬᠤ ᠬᠡᠷᠡᠭᠳᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠵᠦᠪ ᠤᠨᠤᠴᠠᠳᠠᠢ ᠠᠵᠢᠯ ᠤᠨ ᠠᠮᠵᠢᠯᠳᠠ ᠶᠢᠨ ᠦᠵᠡᠯᠳᠡ ᠶᠢ ᠪᠠᠳᠦ ᠪᠤᠢ ᠪᠤᠯᠭᠠᠵᠦ᠂ ᠠᠷᠠᠳ ᠤᠯᠠᠨ ᠤ ᠪᠠᠴᠢᠮᠳᠠᠵᠦ ᠲᠦᠪᠡᠭᠳᠡᠵᠦ ᠰᠠᠨᠠᠭᠠᠰᠢᠷᠠᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠤᠷᠤᠭᠤᠯᠤᠨ ᠰᠠᠶᠢᠳᠤᠷ ᠰᠶᠢᠳᠪᠦᠷᠢᠯᠡᠵᠦ᠂ ᠠᠷᠠᠳ ᠤᠯᠠᠨ ᠳᠤ ᠦᠭᠡᠷᠡᠴᠢᠯᠡᠯᠳᠡ ᠬᠦᠭᠵᠢᠯᠳᠡ ᠶᠢᠨ ᠦᠷ᠎ᠠ ᠪᠦᠳᠦᠭᠡᠯ ᠢ ᠡᠳ᠋ᠯᠡᠬᠦᠯᠬᠦ ᠬᠡᠷᠡᠭᠳᠡᠢ ᠭᠡᠪᠡ᠃        ᠢᠦᠢ ᠵᠶᠢ ᠱᠦᠨ ᠱᠠᠭᠠᠷᠳᠠᠭᠰᠠᠨ ᠨᠢ᠂ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠵᠢᠴᠢ ᠭᠡᠰᠢᠬᠦᠳ ︽ᠮᠣᠩᠭᠤᠯ ᠮᠤᠷᠢᠨ ᠤ ᠵᠣᠷᠢᠭ ᠰᠠᠨᠠᠭ᠎ᠠ ᠪᠣᠯ ᠬᠦᠶᠦᠵᠦ ᠭᠠᠷᠭᠠᠭᠰᠠᠨ ᠶᠤᠮ᠂ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ᠪᠣᠯ ᠲᠡᠮᠡᠴᠡᠵᠦ ᠤᠯᠤᠬᠰᠠᠨ ᠶᠤᠮ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠵᠣᠷᠢᠭ ᠰᠠᠨᠠᠭ᠎ᠠ ᠪᠣᠯ ᠪᠤᠳᠠᠳᠠᠢ ᠠᠵᠢᠯᠯᠠᠵᠦ ᠤᠯᠤᠭᠰᠠᠨ ᠶᠤᠮ︾ ᠭᠡᠳᠡᠭ ᠢ ᠬᠦᠨᠵᠡᠭᠡᠢ ᠤᠶᠢᠯᠠᠭᠠᠵᠦ᠂ ᠬᠠᠮᠲᠤᠪᠠᠷ ᠭᠦᠶᠦᠵᠦ᠂ ᠬᠠᠮᠲᠤ ᠪᠠᠷ ᠲᠡᠮᠡᠴᠡᠵᠦ᠂ ᠬᠠᠮᠲᠤ ᠪᠠᠷ ᠠᠵᠢᠯᠯᠠᠵᠤ᠂ 2025 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠡᠷᠡᠰ ᠪᠡᠶᠡᠯᠡᠭᠦᠯᠵᠦ᠂ ᠪᠦᠬᠦ ᠠᠶᠢᠮᠠᠭ ᠤᠨ ᠠᠷᠠᠳ ᠲᠦᠮᠡᠨ ᠳᠤ ᠨᠢᠭᠡ ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ ᠭᠡᠪᠡ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号