ᠢᠦᠶ ᠵᠢᠶ ᠱᠦᠨ ᠪᠦᠯᠬᠦᠮ ᠲᠠᠭᠠᠭᠤᠯᠤᠨ ᠭᠤᠸᠠᠩᠵᠸᠦ ᠬᠤᠳᠠ ᠪᠡᠭᠡᠵᠢᠩ ᠬᠤᠳᠠ ᠪᠠᠷ ᠬᠤᠳᠠᠯᠳᠤᠭᠠᠴᠢᠨ ᠤᠷᠢᠬᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2025/1/22
        ᠣᠶᠢᠷ᠎ᠠ ᠳᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠪᠦᠯᠬᠦᠮ ᠳᠠᠭᠠᠭᠤᠯᠤᠨ ᠯᠤ᠋ ᠪᠠᠢ ᠰᠢ ᠢᠳᠡᠭᠡᠨ ᠤ ᠤᠰᠤᠨ ᠤ ᠺᠤᠮᠫᠠᠨᠢ᠂ ᠭᠤᠸᠠᠩᠵᠧᠦ ᠶᠢᠨ ᠪᠠᠶ ᠶᠦᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ᠂ ᠭᠤᠸᠠᠩᠳᠦ᠋ᠩ ᠤᠨ ᠮᠸᠢ ᠱᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢᠶᠠᠨ ᠰᠢ ᠾᠧ ᠪᠦᠯᠦᠭᠯᠡᠯ᠂ ᠰᠢᠶᠠᠩᠭᠠᠩ ᠤᠨ ᠵᠥᠩ ᠪᠦᠦ ᠪᠠᠯᠠ ᠣᠷᠣᠭᠤᠯᠤᠯᠲᠠ ᠶᠢᠨ ᠪᠦᠯᠦᠭᠯᠡᠯ᠂ ᠪᠡᠭᠡᠵᠢᠩ ᠤᠨ ᠱᠤᠨ ᠵᠢᠶᠠ ᠨᠦᠩ ᠢᠳᠡᠭᠡᠨ ᠤᠮᠳᠠᠭᠠᠨ ᠤ ᠬᠠᠮᠢᠶᠠᠷᠤᠯᠳᠠ ᠶᠢᠨ ᠬᠢᠵᠠᠭᠠᠷᠳᠦ ᠺᠤᠮᠫᠠᠨᠢ᠂ ᠵᠦᠩ ᠬᠤᠸᠠ ᠤᠷᠴᠢᠨ ᠲᠤᠭᠤᠷᠢᠨ ᠤ ᠬᠤᠪᠢ ᠡᠵᠡᠮᠳᠡᠬᠦ ᠬᠢᠵᠠᠭᠠᠷᠳᠦ ᠺᠤᠮᠫᠠᠨᠢ᠂ ᠪᠡᠭᠡᠵᠢᠩ ᠤᠨ ᠬᠤᠩ ᠹᠦ᠋ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠵᠤᠯᠭᠠᠭᠤᠯᠵᠦ᠂ ᠠᠵᠤ ᠠᠬᠤᠶᠢᠯᠠᠯ ᠲᠠᠢ ᠤᠰᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠣᠲᠣ ᠦᠶ᠎ᠡ ᠶᠢᠨ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ᠂ ᠷᠠᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠬᠦ ᠵᠡᠷᠭᠡ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠬᠦᠨᠵᠡᠭᠡᠢ ᠰᠤᠯᠢᠯᠴᠠᠭᠰᠠᠨ ᠪᠠᠶᠢᠨ᠎ᠠ᠃ ᠡᠯ᠎ᠡ ᠠᠵᠤ ᠠᠬᠤᠶᠢᠯᠠᠯ ᠢᠯᠡᠷᠬᠡᠶᠢᠯᠡᠬᠦ ᠳᠡᠭᠡᠨ᠂ ᠵᠣᠯᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠷᠭᠡᠵᠢᠯ᠂ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠭᠡᠨ᠂ ᠬᠠᠮᠳᠤᠷᠠᠯᠴᠠᠭᠠᠨ ᠤ ᠬᠡᠪᠴᠢᠶ᠎ᠡ ᠪᠠᠨ ᠦᠷᠭᠡᠳᠭᠡᠵᠦ᠂ ᠬᠠᠷᠢᠯᠴᠠᠨ ᠠᠰᠢᠭ ᠬᠦᠷᠳᠡᠬᠦ ᠶᠢ ᠪᠡᠶᠡᠯᠡᠬᠦᠯᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃        ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠨᠥᠬᠦᠳ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠬᠡᠰᠡᠭ ᠬᠤᠪᠢᠶᠠᠨ ᠣᠷᠣᠯᠴᠠᠪᠠ᠃ ︵ᠰᠤᠨᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号