| | 1 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ | ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ | | | | | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ | ᠬᠤᠷᠢᠶᠠᠨ ᠤ ᠱᠦᠵᠢ ᠶᠠᠩ ᠵᠢᠶ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠲᠣᠰ | ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠶᠠᠷᠢᠶ᠎ᠠ | ᠲᠠᠯᠪᠢᠪᠠ᠃ | | | | | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠢᠦᠶ ᠳ᠋ᠡ ᠮᠢᠩ ᠬᠤᠷᠠᠯ ᠢ ᠡᠷᠭᠢᠯᠡᠪᠡ᠃ | | | | | ᠲᠤᠰ ᠤᠳᠠᠭᠠᠨ ᠤ ᠪᠥᠬᠦᠳᠡ ᠬᠤᠷᠠᠯ ᠳᠤ ᠤᠯᠠᠭᠠᠨᠬᠤᠲᠠ ᠶᠢᠨ ᠨᠠᠮ ᠤᠨ ᠬᠤᠷᠢᠶᠠᠨ ᠤ ᠭᠡᠰᠢᠭᠦᠨ᠂ | ᠣᠷᠣᠯᠠᠭᠴᠢ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ | ᠲᠥᠯᠥᠭᠡᠯᠡᠭᠴᠢ᠂ ᠬᠤᠲᠠ ᠶᠢᠨ ᠳᠥᠷᠪᠡᠨ ᠶᠡᠭᠡ ᠪᠠᠭ ᠤᠨ ᠭᠡᠰᠢᠭᠦᠨ ᠵᠢᠴᠢ ᠪᠤᠰᠤᠳ ᠳᠡᠳ᠋ ᠭᠠᠵᠠᠷ ᠤᠨ ᠲᠠᠰ ᠤᠨ | ᠤᠳᠤᠷᠢᠳᠤᠯᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ | ᠭᠡᠰᠢᠭᠦᠨ᠂ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ | ᠂ ᠳᠡᠳ᠋ ᠱᠦᠵᠢ᠂ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠰᠠᠯᠠᠭ᠎ᠠ ᠮᠥᠴᠢᠷ ᠵᠢᠴᠢ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠠᠬᠠᠮᠠᠳ ᠺᠠᠳ᠋ᠷᠴᠤᠳ ᠤᠨ ᠲᠥᠯᠥᠭᠡᠯᠡᠭᠴᠢ᠂ ᠡᠯ᠎ᠡ | ᠰᠢᠭᠤᠳ ᠬᠠᠮᠢᠶᠠᠷᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ | ᠣᠷᠤᠯᠴᠠᠵᠠᠢ᠃ | | | | | ᠬᠤᠷᠠᠯ ᠠᠴᠠ᠂ 2025 ᠤᠨ ᠪᠣᠯ ᠬᠤᠶᠠᠷ ᠲᠠᠪᠤᠨ ᠵᠢᠯ ᠤᠨ ᠲᠥᠯᠥᠪᠵᠢᠭᠦᠯᠭᠡ ᠶᠢ ᠵᠣᠯᠭᠠᠭᠤᠯᠬᠤ ᠵᠢᠯ | ᠪᠣᠯᠤᠨ᠎ᠠ᠃ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ | ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠤᠷᠠᠯ︾ ᠪᠣᠯᠤᠨ ᠠᠶᠢᠮᠠᠭ ᠤᠨ ᠨᠠᠮ ᠤᠨ ᠬᠤᠷᠢᠶᠠᠨ ︵ᠥᠷᠭᠡᠳᠬᠡᠭᠰᠡᠨ︶ ᠤ ᠬᠤᠷᠠᠯ ᠵᠢᠴᠢ ᠪᠦᠬᠦ ᠠᠶᠢᠮᠠᠭ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ | ᠬᠥᠳᠡᠯᠭᠡᠬᠦ ᠬᠦᠴᠦᠨ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠠᠪᠤᠨ ᠶᠡᠭᠡ | ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠢᠷᠭᠤᠭᠠᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠢᠷᠭᠤᠭᠠᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠪᠤᠨ ᠨᠢᠭᠡᠳᠦᠭᠡᠷ ᠤᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ | ᠭᠤᠷᠪᠠᠨ ᠣᠷᠴᠢᠨ ᠲᠣᠭᠤᠷᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠪᠠ ᠰᠢᠨ᠎ᠡ ᠵᠠᠮ ᠨᠡᠭᠡᠬᠡᠵᠦ ᠳᠤᠮᠳᠠ ᠲᠥᠪᠰᠢᠨ ᠳᠤ ᠣᠷᠤᠬᠤ ᠳᠤ ᠤᠯᠠᠭᠠᠨᠬᠤᠲᠠ ᠶᠢᠨ ᠬᠦᠴᠦᠨ | ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ | ᠵᠢᠱᠢᠯᠲᠡ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 5% ᠠᠴᠠ ᠳᠡᠭᠡᠭᠰᠢ ᠨᠡᠮᠡᠭᠳᠡᠭᠦᠯᠵᠦ | ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠯᠦᠭᠡ | ᠦᠨᠳᠦᠰᠦᠨ ᠳᠡᠭᠡᠨ ᠠᠳᠠᠯᠢ ᠪᠣᠯᠭᠠᠨ᠎ᠠ ᠭᠡᠵᠦ ᠵᠢᠭᠠᠵᠤ ᠭᠠᠷᠭᠠᠪᠠ᠃ | | | | | ᠬᠤᠷᠠᠯ ᠠᠴᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠪᠠᠷ ᠲᠡᠷᠢᠭᠦᠨ ᠴᠢᠬᠤᠯᠠ | ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠪᠦᠬᠦ ᠬᠦᠴᠦᠨ ᠢᠶᠠᠷ ᠠᠳᠬᠤᠵᠤ᠂ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠬᠠᠮᠲᠤᠷᠠᠯᠴᠠᠭ᠎ᠠ ᠶᠢ ᠠᠬᠢᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠠᠮᠢᠵᠢᠷᠠᠯ ᠤᠨ ᠬᠦᠴᠦᠨ᠂ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ᠠᠷᠠᠳ ᠤᠨ ᠠᠮᠢᠳᠤᠷᠠᠯ ᠤᠨ | ᠬᠤᠲᠠ ᠶᠢᠨ ᠪᠥᠲᠥᠭᠡᠨ ᠪᠠᠶᠢᠭᠤᠯᠤᠯᠲᠠ︾ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠶᠡᠭᠡ ᠤᠯᠠᠭᠠᠨᠬᠤᠲᠠ | ᠭᠤᠤᠯ ᠬᠤᠲᠠ ᠲᠣᠭᠤᠷᠢᠭ︾ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠤᠲᠠ ᠶᠢᠨ ᠣᠷᠣᠨ | ᠵᠠᠶ ᠶᠢ ᠲᠠᠰᠤᠷᠠᠯᠲᠠ ᠥᠬᠡᠶ ᠥᠷᠭᠡᠳᠬᠡᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ | ᠴᠢᠳᠠᠮᠵᠢ ᠶᠢ ᠰᠢᠯᠢᠳᠡᠭᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ᠂ ᠨᠥᠯᠥᠭᠡᠯᠡᠨ ᠳᠠᠶᠢᠴᠢᠯᠠᠬᠤ | ᠬᠦᠴᠦᠨ᠂ ᠭᠤᠤᠯᠯᠠᠬᠤ ᠥᠷᠢᠰᠦᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠵᠤ | ᠦᠢᠯᠡᠳᠪᠦᠷᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠲᠡᠮᠦᠷᠯᠢᠭ ᠪᠣᠯᠪᠠᠰᠤᠷᠠᠭᠤᠯᠬᠤ᠂ ᠰᠢᠨ᠎ᠡ ᠡᠨᠧᠷᠭᠢ᠂ ᠢᠳᠡᠭᠡᠨ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠤ | ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠳᠤᠮᠳᠠ ᠳᠡᠭᠡᠳᠦ | ᠲᠡᠰ ᠲᠡᠶᠢᠰᠢ ᠥᠷᠭᠡᠳᠬᠡᠬᠦ ᠶᠢ ᠠᠬᠢᠭᠤᠯᠵᠤ᠂ ᠤᠯᠠᠨ ᠲᠡᠰ ᠤᠨ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ | ᠦᠢᠯᠡᠳᠪᠦᠷᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ | ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ | ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠪᠦᠲᠦᠭᠡᠵᠦ᠂ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠠᠵᠤ | ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ | ᠮᠠᠯᠴᠢᠨ ᠲᠠᠷᠢᠶᠠᠴᠢᠨ︾ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠡᠶᠡᠯᠡᠭᠦᠯᠬᠦ ᠬᠡᠷᠡᠭᠲᠡᠢ᠃ | ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠵᠤ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠤᠨ ᠲᠡᠰ ᠳᠡᠪᠰᠢᠬᠦ ᠶᠢ ᠠᠬᠢᠭᠤᠯᠵᠤ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠵᠤ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠠᠷᠠᠳ ᠤᠨ | ᠠᠮᠢᠳᠤᠷᠠᠯ ᠤᠨ ᠪᠣᠶᠠᠨ ᠬᠡᠰᠢᠭ ᠢ ᠰᠠᠶᠢᠵᠢᠷᠠᠭᠤᠯᠬᠤ ᠪᠠᠷ ᠲᠡᠷᠢᠭᠦᠨ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠳᠤᠲᠠᠭᠤᠳᠠᠯ ᠢᠶᠠᠨ ᠲᠦᠷᠭᠡᠨ | ᠨᠥᠬᠦᠪᠥᠷᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ | ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ | ᠤᠬᠠᠮᠰᠠᠷ ᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ | ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠷᠠᠳ ᠤᠯᠠᠨ ᠤ | ᠠᠮᠤᠷ ᠲᠠᠶᠢᠪᠤᠩ ᠣᠷᠤᠰᠢᠨ ᠠᠮᠢᠳᠤᠷᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ | ᠰᠠᠶᠢᠲᠤᠷ ᠠᠳᠬᠤᠬᠤ ᠶᠢ ᠨᠢᠭᠡᠳᠦᠭᠡᠷ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠲᠤᠭᠤᠰᠢᠯᠠᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠷᠠᠯᠲᠠ ᠪᠠᠨ ᠲᠣᠭᠲᠠᠭᠠᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠭᠠᠨᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠤᠷᠢᠶᠠᠯᠠᠪᠠ᠃ | | | | | ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠸᠠᠩ ᠶᠢᠩ ᠴᠢᠶᠦ᠋ᠨ ︽2024 ᠣᠨ ᠤ ᠰᠠᠯᠠᠭᠠᠨ ᠲᠠᠰ ᠤᠨ ᠤᠳᠤᠷᠢᠳᠬᠤ ᠪᠠᠭ ᠪᠠ | ᠤᠳᠤᠷᠢᠳᠬᠤ ᠺᠠᠳ᠋ᠷ ᠢ ᠬᠢᠨᠠᠨ ᠰᠢᠯᠭᠠᠭᠰᠠᠨ ᠦᠷ᠎ᠡ ᠳ᠋ᠦᠩ︾ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ 2024 ᠣᠨ ᠤ ᠬᠢᠨᠠᠨ ᠰᠢᠯᠭᠠᠵᠤ ᠱᠠᠩᠨᠠᠯ ᠣᠯᠤᠭᠰᠠᠨ ᠪᠠᠶᠢᠭᠤᠯᠭ᠎ᠠ ᠨᠢᠭᠡᠴᠢ ᠳᠤ ᠱᠠᠩᠨᠠᠯ | ᠭᠠᠷᠳᠠᠭᠤᠯᠪᠠ᠃ | | | | | | | | | | | | | | |