| | | 1 ᠰᠠᠷ᠎ᠠ ᠶᠢᠨ 21 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ | ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠣᠳᠣᠬᠠᠨ ᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ | ᠰᠢᠨ᠎ᠡ ᠠᠵᠠ ᠲᠣᠬᠢᠶᠠᠯ᠂ ᠰᠢᠨ᠎ᠡ ᠥᠷᠢᠰᠥᠯᠳᠦᠭᠡᠨ ᠢ ᠭᠦᠨᠵᠡᠭᠡᠢ ᠵᠠᠳᠠᠯᠵᠤ᠂ 2025 ᠣᠨ ᠤ ᠤᠯᠠᠭᠠᠨᠬᠤᠲᠠ ᠶᠢᠨ | ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠭᠤᠣᠯ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ | ᠳᠤᠷᠠᠳᠴᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠬᠠᠯᠠᠭᠤᠨ ᠲᠤᠰᠬᠠᠯ ᠭᠠᠷᠭᠠᠪᠠ᠃ | ︽2025 ᠣᠨ ᠳᠤ᠂ ᠪᠢᠳᠡ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠤᠯᠤᠰ ᠲᠥᠷᠦᠴᠢ ᠰᠢᠨᠵᠢ ᠴᠢᠨᠠᠷ᠂ ᠠᠷᠠᠳ ᠲᠦᠮᠡᠡᠴᠢ ᠰᠢᠨᠵᠢ | ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠤᠨ᠎ᠠ᠃ ᠪᠣᠳᠠᠲᠠᠶ ᠠᠵᠢᠯ ᠤᠨ | ᠳᠤᠮᠳᠠ᠂ ︿ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ﹀ ᠲᠦᠭᠡᠮᠡᠯ | ᠬᠠᠷᠠᠭᠠᠯᠵᠠᠯ ᠤᠨ ᠬᠥᠭᠵᠢᠯᠲᠡ︾ ᠪᠠ ︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ﹀ ᠶᠢᠨ ᠶᠡᠷᠦᠩᠬᠡᠶ ᠱᠠᠭᠠᠷᠳᠠᠯᠭ᠎ᠠ ᠲᠠᠢ ᠬᠠᠷᠢᠴᠠᠭᠤᠯᠵᠤ᠂ ᠳᠤᠮᠳᠠᠳᠤ ᠵᠡᠷᠭᠡ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠠ ᠲᠣᠬᠢᠶᠠᠯ ᠢ | ᠴᠢᠩᠭ᠎ᠠ ᠠᠳᠬᠤᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠵᠠᠬᠢᠷᠤᠯ ᠪᠠᠭᠰᠢ ᠶᠢᠨ ᠡᠩᠨᠡᠭᠡ ᠶᠢᠨ ᠲᠤᠰᠬᠠᠶ ᠮᠡᠷᠭᠡᠵᠢᠯ ᠤᠨ | ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ︿ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ﹀ ᠪᠦᠬᠦ ᠲᠠᠯ᠎ᠠ ᠪᠠᠷ ᠬᠥᠮᠦᠨ ᠬᠥᠮᠦᠵᠢᠭᠦᠯᠬᠦ ᠶᠢ ᠬᠡᠷᠡᠭᠵᠢᠭᠦᠯᠵᠦ᠂ ᠴᠢᠨᠠᠷ ᠰᠠᠶᠢᠲᠠᠶ ᠰᠤᠷᠭᠠᠨ | ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ | ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠪᠠᠷ ᠪᠥᠬᠦ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠤᠯᠠᠭᠠᠨᠬᠤᠲᠠ ᠶᠢᠨ ᠰᠤᠷᠭᠠᠨ | ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ | ᠵᠦᠩ ᠬᠤᠸᠠ ᠬᠡᠯᠡᠪᠡ᠃ | ︽2025 ᠣᠨ ᠳᠤ᠂ ᠤᠯᠠᠭᠠᠨᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︿ | ᠵᠢᠷᠭᠤᠭᠠᠨ ᠠᠵᠢᠯᠯᠠᠭ᠎ᠠ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ | ᠲᠣᠭᠤᠷᠢᠨ ᠳᠤ ᠲᠥᠯᠥᠪᠵᠢᠭᠦᠯᠦᠨ ᠨᠥᠭᠡᠴᠡᠯᠡᠵᠦ᠂ ᠲᠥᠪ ᠤᠨ ᠲᠥᠰᠦᠪ ᠤᠨ ᠳᠣᠲᠣᠷ᠎ᠠ᠂ ᠣᠷᠳᠣ ᠬᠤᠭᠤᠴᠠᠭᠠᠨ ᠤ | ᠣᠨᠴᠠᠭᠠᠶ ᠤᠯᠤᠰ ᠤᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠩᠬᠠᠷᠴᠤ᠂ ︿ | ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ | ᠬᠤᠭᠤᠴᠠᠭ᠎ᠠ ᠶᠢ ᠡᠵᠡᠮᠳᠡᠵᠦ᠂ ᠠᠵᠤ ᠦᠢᠯᠡᠰ ᠤᠨ ᠲᠠᠰ ᠳᠡᠪᠰᠢᠬᠦ᠂ ᠬᠤᠲᠠ ᠶᠢᠨ ᠰᠢᠨᠡᠴᠢᠯᠡᠯᠲᠡ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠡᠭᠦᠨ ᠤ | ᠬᠠᠮᠲᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠰᠠᠶᠢᠲᠤᠷ | ᠠᠳᠬᠤᠵᠤ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ | ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠪᠥᠬᠦ ᠬᠤᠷᠳᠤᠴᠠ ᠪᠠᠷ ᠠᠬᠢᠭᠤᠯᠵᠤ᠂ ᠲᠥᠪᠯᠡᠷᠡᠭᠦᠯᠦᠨ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠰᠢᠨ᠎ᠡ ᠪᠠᠷ | ᠪᠠᠶᠢᠭᠤᠯᠬᠤ ᠲᠥᠷᠥᠯ ᠵᠦᠢᠯ ᠢ ︿ᠬᠠᠪᠤᠷ ᠤᠨ ᠡᠬᠢ ᠪᠠᠷ ᠡᠬᠢᠯᠡᠭᠦᠯᠬᠦ﹀ ᠪᠠᠷ ᠬᠦᠴᠦᠯᠡᠨ ᠪᠠᠲᠤᠯᠠᠵᠤ᠂ ᠪᠥᠬᠦ ᠵᠢᠯ ᠤᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 66.7 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠯᠠᠭᠠᠨᠬᠤᠲᠠ ᠶᠢᠨ ᠨᠠᠩ ᠰᠠᠶᠢᠨ᠂ ᠨᠠᠩ ᠲᠦᠷᠭᠡᠨ ᠬᠥᠭᠵᠢᠯᠲᠡ ᠳᠤ ᠪᠠᠲᠤ | ᠪᠠᠬᠢ ᠰᠠᠭᠤᠷᠢ ᠲᠠᠯᠪᠢᠵᠤ ᠥᠭᠭᠦᠨ᠎ᠡ︾ ᠭᠡᠵᠦ ᠤᠯᠠᠭᠠᠨᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠢ ᠬᠡᠯᠡᠪᠡ᠃ | ︽ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠤᠰ | ᠤᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ | ᠠᠷᠠᠯᠵᠢᠶᠠᠨ ᠤ ᠬᠦᠷᠢᠶᠡᠨ ᠳᠠᠬᠢ ︿ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ﹀ ᠶᠢ ᠭᠦᠨᠵᠡᠭᠡᠢ ᠥᠷᠨᠢᠭᠦᠯᠵᠦ᠂ | ᠮᠡᠷᠭᠡᠵᠢᠯ ᠤᠨ ᠥᠭᠡᠷᠡᠴᠢᠯᠡᠯᠲᠡ᠂ ᠲᠥᠬᠦᠭᠡᠷᠦᠮᠵᠢ ᠶᠢᠨ ᠰᠢᠨᠡᠴᠢᠯᠡᠯᠲᠡ᠂ ᠡᠨᠧᠷᠭᠢ ᠠᠷᠪᠢᠯᠠᠵᠤ ᠤᠰᠤ ᠠᠷᠪᠢᠯᠠᠬᠤ᠂ | ᠪᠣᠬᠢᠷᠲᠤᠯ ᠦᠭᠡᠢ ᠬᠥᠭᠵᠢᠯᠲᠡ ᠶᠢ ᠡᠭᠦᠳᠦᠨ ᠪᠠᠶᠢᠭᠤᠯᠬᠤ᠂ ᠠᠩᠬᠠᠨ ᠤ ᠳᠡᠯᠭᠡᠭᠦᠷ ᠠᠩᠬᠠᠨ ᠤ ᠪᠦᠲᠦᠬᠡᠭᠳᠡᠬᠦᠨ ᠤ | ᠠᠵᠤ ᠠᠬᠤᠢ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ | ᠠᠰᠢᠭ ᠢ ᠠᠵᠤ ᠠᠬᠤᠶᠢᠯᠠᠯ ᠳᠤ ᠨᠠᠶᠢᠳᠠᠪᠤᠷᠢᠵᠢᠭᠤᠯᠤᠨ ᠴᠡᠴᠡᠭᠯᠡᠬᠦ ᠶᠢ ᠪᠠᠲᠤᠯᠠᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠢ ᠶᠢᠨ ᠲᠣᠭᠲᠠᠭᠤᠨ ᠢᠶᠠᠷ | ᠨᠡᠮᠡᠭᠳᠡᠬᠦ ᠶᠢ ᠠᠬᠢᠭᠤᠯᠤᠨ᠎ᠠ᠃ ︿ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ﹀ ᠶᠢ | ᠵᠣᠬᠢᠶᠠᠨ ᠪᠠᠶᠢᠭᠤᠯᠤᠨ ᠠᠬᠢᠭᠤᠯᠵᠤ᠂ ᠪᠦᠬᠦ ᠬᠤᠳᠠ ᠶᠢᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ | ᠭᠠᠳᠠᠭᠠᠳᠤ ᠶᠢᠨ ᠬᠠᠮᠲᠤᠷᠠᠯᠴᠠᠭᠠᠨ ᠤ ᠬᠦᠷᠢᠶ᠎ᠡ ᠪᠣᠯᠤᠨ ᠵᠠᠬ᠎ᠠ ᠳᠡᠯᠭᠡᠭᠦᠷ ᠤᠨ ᠠᠷᠭ᠎ᠠ ᠵᠠᠮ ᠢ ᠥᠷᠭᠡᠳᠬᠡᠵᠦ᠂ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠ ᠭᠠᠳᠠᠭᠠᠳᠤ ᠪᠡᠯᠡ ᠶᠢ | ᠣᠷᠣᠭᠤᠯᠬᠤ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠥᠷᠭᠡᠳᠬᠡᠵᠦ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢᠨ ᠲᠠᠪᠴᠠᠩ ᠢ ᠪᠦᠬᠦ ᠲᠠᠯ᠎ᠠ ᠪᠠᠷ ᠪᠠᠶᠢᠭᠤᠯᠤᠨ᠎ᠠ᠃ ᠬᠡᠷᠡᠭᠯᠡᠬᠡᠨ ᠤ ᠵᠦᠢᠯᠡᠰ ᠤᠨ ︿ | ᠬᠠᠭᠤᠴᠢᠨ ᠢᠶᠠᠷ ᠰᠢᠨ᠎ᠡ ᠶᠢ ᠰᠣᠯᠢᠬᠤ﹀ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ︿ᠲᠦᠷᠪᠡᠨ | ᠤᠯᠠᠷᠢᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ﹀ ᠶᠢ ᠶᠡᠬᠡᠪᠡᠷ ᠬᠡᠷᠡᠭᠵᠢᠭᠦᠯᠵᠦ᠂ ᠠᠷᠠᠳ ᠤᠯᠠᠨ ᠤ | ᠬᠡᠷᠡᠭᠯᠡᠭᠡᠨ ᠤ ᠳᠠᠯᠳᠠ ᠴᠢᠳᠠᠪᠤᠷᠢ ᠶᠢ ᠬᠥᠭᠵᠢᠭᠡᠵᠦ᠂ ᠬᠡᠷᠡᠭᠯᠡᠭᠡᠨ ᠤ ᠢᠲᠡᠭᠡᠯ ᠢ ᠬᠥᠪᠴᠢᠯᠡᠨ᠎ᠡ᠃ 2025 ᠣᠨ ᠳᠤ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠠᠩ ᠶᠡᠭᠡ ᠡᠷᠴᠢᠮ᠂ ᠨᠠᠩ ᠪᠣᠳᠠᠲᠠᠶ | ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠤᠯᠠᠭᠠᠨᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠬᠦᠴᠦᠨ ᠴᠢᠳᠠᠯ ᠢᠶᠠᠨ ᠡᠷᠭᠦᠨ᠎ᠡ︾ | ᠭᠡᠵᠦ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠢ ᠴᠤᠤ ᠢᠯᠡᠷᠬᠡᠶᠢᠯᠡᠵᠡᠢ᠃ | | | | | | | |