ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠬᠤᠳᠠ ᠶᠢᠨ ᠲᠡᠭᠦᠷᠭᠡ ᠨᠡᠶᠢᠬᠡᠮ ᠲᠤᠭᠤᠷᠢᠭ ᠬᠤᠪᠢᠶᠠᠷᠢ ᠡᠮᠨᠡᠯᠬᠡ ᠶᠢᠨ ᠬᠤᠷᠢᠶ᠎ᠠ ᠬᠠᠤᠯᠢ ᠪᠤᠰᠤ ᠮᠦᠡᠭᠬᠦᠨ ᠬᠦᠢᠯᠬᠡᠬᠡ ᠶᠢ ᠰᠡᠷᠬᠡᠶᠢᠯᠡᠬᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/1/22
        ᠤᠶᠢᠷ᠎ᠠ ᠶᠢᠨ ᠡᠳᠦᠷ᠂ ᠬᠠᠤᠯᠢ ᠪᠤᠰᠤ ᠪᠠᠷ ᠪᠡᠯᠡ ᠴᠤᠬᠯᠠᠭᠤᠯᠬᠤ ᠶᠢ ᠰᠡᠷᠬᠡᠶᠢᠯᠡᠬᠦ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠲᠦᠭᠰᠢᠬᠦᠷᠢ ᠶᠢ ᠰᠡᠷᠬᠡᠶᠢᠯᠡᠬᠦ ᠤᠬᠠᠮᠰᠠᠷ ᠢ ᠲᠡᠭᠡᠭᠰᠢᠯᠡᠬᠦᠯᠵᠦ᠂ ᠰᠠᠭᠤᠭᠠᠯᠢ ᠠᠷᠠᠳ ᠤᠨ ᠬᠠᠤᠯᠢ ᠶᠤᠰᠤᠨ ᠤ ᠠᠵᠦ ᠠᠬᠤᠢ ᠶᠢᠨ ᠤᠷᠤᠯᠭ᠎ᠠ ᠶᠢ ᠪᠠᠳᠦᠯᠠᠵᠦ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢᠨ ᠲᠦᠯᠦᠬᠡ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠬᠠᠤᠯᠢ ᠪᠤᠰᠤ ᠮᠦᠡᠭᠬᠦᠨ ᠬᠦᠢᠯᠬᠡᠬᠡ ᠶᠢ ᠰᠡᠷᠬᠡᠶᠢᠯᠡᠬᠦ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ᠮᠦᠡᠭᠬᠦᠨ ᠬᠦᠢᠯᠬᠡᠬᠡᠨ ᠤ ᠬᠠᠤᠯᠢ ᠴᠠᠭᠠᠵᠠ ᠶᠢᠨ ᠮᠡᠳᠡᠯᠬᠡ ᠶᠢ ᠤᠯᠠᠨ ᠳᠤ ᠲᠦᠬᠡᠮᠡᠯᠵᠢᠬᠦᠯᠵᠡᠢ᠃        ᠡᠮᠴᠢᠯᠡᠬᠡᠨ ᠤ ᠠᠵᠢᠯᠳᠠᠳ ᠡᠳᠦᠷ ᠲᠤᠳᠤᠮ ᠤᠨ ᠡᠮᠴᠢᠯᠡᠬᠡᠨ ᠤ ᠶᠠᠪᠤᠴᠠ ᠳᠤ ᠡᠪᠡᠳᠴᠢᠳᠡᠳ ᠲᠠᠢ ᠬᠠᠷᠢᠯᠴᠠᠬᠤ ᠵᠠᠪᠰᠢᠶᠠᠨ ᠢᠶᠠᠷ ᠡᠪᠡᠳᠴᠢᠳᠡᠳ ᠲᠤ ᠬᠠᠤᠯᠢ ᠪᠤᠰᠤ ᠮᠦᠡᠭᠬᠦᠨ ᠬᠦᠢᠯᠬᠡᠬᠡ ᠶᠢ ᠰᠡᠷᠬᠡᠶᠢᠯᠡᠬᠦ ᠮᠡᠳᠡᠯᠬᠡ ᠶᠢ ᠲᠦᠬᠡᠮᠡᠯᠵᠢᠬᠦᠯᠵᠡᠢ᠃ ᠬᠦᠯᠢᠶᠡᠨ ᠡᠮᠴᠢᠯᠡᠬᠦᠯᠬᠦ ᠭᠠᠵᠠᠷ ᠲᠤ᠂ ᠡᠮᠴᠢᠯᠡᠬᠡᠨ ᠤ ᠠᠵᠢᠯᠳᠠᠳ ᠡᠪᠡᠳᠴᠢᠳᠡᠳ ᠤᠨ ᠡᠪᠡᠳᠴᠢᠨ ᠤ ᠪᠠᠶᠢᠳᠠᠯ ᠢ ᠠᠰᠠᠭᠤᠨ ᠯᠠᠪᠯᠠᠬᠤ ᠶᠢᠨ ᠲᠠᠭᠠᠤ ᠡᠮᠴᠢᠯᠡᠨ ᠵᠠᠰᠠᠬᠤ ᠲᠦᠰᠦᠪ ᠲᠤᠬᠳᠠᠭᠠᠵᠦ᠂ ᠬᠠᠤᠯᠢ ᠪᠤᠰᠤ ᠮᠦᠡᠭᠬᠦᠨ ᠬᠦᠢᠯᠬᠡᠬᠡᠨ ᠤ ᠦᠷᠬᠦᠯᠵᠢ ᠲᠤᠬᠢᠶᠠᠯᠳᠤᠬᠤ ᠬᠡᠯᠪᠡᠷᠢ᠂ ᠬᠤᠤᠷ ᠬᠦᠨᠦᠬᠡᠯ ᠵᠢᠴᠢ ᠬᠡᠷᠬᠢᠨ ᠰᠡᠷᠬᠡᠶᠢᠯᠡᠬᠦ ᠮᠡᠳᠡᠯᠬᠡ ᠶᠢ ᠨᠠᠷᠢᠯᠢᠭ ᠲᠠᠶᠢᠯᠪᠦᠷᠢᠯᠠᠵᠠᠢ᠃ ᠡᠮᠴᠢᠯᠡᠬᠡᠨ ᠤ ᠠᠵᠢᠯᠳᠠᠳ ᠦᠳᠡᠯᠦᠬᠡ ᠨᠠᠰᠦᠳᠠᠢ ᠡᠪᠡᠳᠴᠢᠳᠡᠳ ᠲᠤ ᠲᠦᠬᠦᠮ ᠤᠶᠢᠯᠠᠭᠠᠮᠵᠢᠳᠡᠢ ᠬᠡᠯᠡ ᠬᠡᠯᠡᠯᠬᠡ ᠪᠠ ᠠᠮᠢᠳᠤᠯᠢᠭ ᠬᠡᠷᠡᠭ ᠤᠨ ᠵᠢᠱᠢᠶ᠎ᠡ ᠪᠠᠷ ᠬᠠᠤᠯᠢ ᠪᠤᠰᠤ ᠮᠦᠡᠭᠬᠦᠨ ᠬᠦᠢᠯᠬᠡᠬᠡᠨ ᠤ ᠤᠨᠠᠭᠤᠯᠢ ᠶᠢ ᠲᠠᠶᠢᠯᠪᠦᠷᠢᠯᠠᠵᠦ᠂ ᠦᠨᠳᠦᠷ ᠬᠦᠦ ᠲᠠᠢ ᠦᠭᠶᠦᠬᠡ ᠶᠢ ᠦᠯᠦ ᠢᠳᠡᠬᠡᠵᠦ᠂ ᠦᠪᠡᠷ ᠤᠨ ᠵᠤᠭᠤᠰ ᠮᠦᠡᠭᠬᠦ ᠪᠠᠨ ᠰᠠᠶᠢᠳᠦᠷ ᠬᠠᠮᠠᠭᠠᠯᠠᠬᠤ ᠶᠢ ᠰᠠᠨᠠᠭᠤᠯᠵᠠᠢ᠃        ᠡᠬᠦᠨ ᠤ ᠬᠠᠮᠳᠤ᠂ ᠪᠠᠰᠠ ᠸᠢᠴᠠᠲ ᠤᠨ ᠨᠡᠶᠢᠳᠡ ᠶᠢᠨ ᠳ᠋ᠤᠭᠠᠷ᠂ ᠡᠯᠧᠺᠲᠷᠤᠨ ᠲᠡᠯᠬᠡᠴᠡ ᠵᠡᠷᠭᠡ ᠪᠠᠷ ᠲᠠᠮᠵᠢᠭᠤᠯᠤᠨ ᠬᠠᠤᠯᠢ ᠪᠤᠰᠤ ᠪᠠᠷ ᠪᠡᠯᠡ ᠴᠤᠬᠯᠠᠭᠤᠯᠬᠤ᠂ ᠰᠦᠯᠵᠢᠶᠡᠨ ᠤ ᠮᠡᠬᠡᠯᠡᠯ ᠵᠡᠷᠭᠡ ᠦᠷᠬᠦᠯᠵᠢ ᠲᠤᠬᠢᠶᠠᠯᠳᠤᠳᠠᠭ ᠬᠠᠤᠯᠢ ᠪᠤᠰᠤ ᠮᠦᠡᠭᠬᠦᠨ ᠬᠦᠢᠯᠬᠡᠬᠡ ᠶᠢ ᠢᠯᠭᠠᠨ ᠲᠠᠨᠢᠬᠤ ᠠᠷᠭ᠎ᠠ ᠪᠠ ᠰᠡᠷᠬᠡᠶᠢᠯᠡᠬᠦ ᠤᠷ᠎ᠠ ᠮᠡᠷᠬᠡᠵᠢᠯ ᠵᠡᠷᠭᠡ ᠠᠭᠤᠯᠭ᠎ᠠ ᠶᠢ ᠪᠠᠭᠳᠠᠭᠠᠬᠰᠠᠨ ᠬᠠᠤᠯᠢ ᠪᠤᠰᠤ ᠮᠦᠡᠭᠬᠦᠨ ᠬᠦᠢᠯᠬᠡᠬᠡ ᠶᠢ ᠰᠡᠷᠬᠡᠶᠢᠯᠡᠬᠦ ᠮᠡᠳᠡᠯᠬᠡ ᠶᠢ ᠲᠦᠬᠡᠮᠡᠯᠵᠢᠬᠦᠯᠵᠡᠢ᠃        ᠲᠠᠷᠠᠭᠠᠴᠢ ᠪᠠᠷ᠂ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠬᠢᠨ ᠬᠠᠤᠯᠢ ᠪᠤᠰᠤ ᠮᠦᠡᠭᠬᠦᠨ ᠬᠦᠢᠯᠬᠡᠬᠡ ᠶᠢ ᠰᠡᠷᠬᠡᠶᠢᠯᠡᠬᠦ ᠤᠬᠠᠭᠤᠯᠭ᠎ᠠ ᠬᠦᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠦ᠂ ᠬᠠᠤᠯᠢ ᠴᠠᠭᠠᠵᠠ᠂ ᠮᠦᠡᠭᠬᠦᠨ ᠬᠦᠢᠯᠬᠡᠬᠡ᠂ ᠡᠷᠡᠬᠦᠯ ᠮᠡᠨᠳᠤ ᠶᠢᠨ ᠦᠢᠯᠡᠴᠢᠯᠡᠭᠡ ᠶᠢ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠲᠡᠷᠬᠡᠳᠡ ᠬᠦᠷᠬᠡᠵᠦ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠤᠯᠠᠨ ᠶᠠᠩᠵᠤᠳᠤ ᠱᠠᠭᠠᠷᠳᠠᠯᠭ᠎ᠠ ᠶᠢ ᠬᠠᠨᠭ᠍ᠭᠠᠬᠤ ᠪᠤᠯᠤᠨ᠎ᠠ᠃ ︵ᠵᠢᠶᠠᠨ ᠬᠤᠸᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号