︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/1/22
        ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 21 ᠤ ᠴᠠᠭᠢᠯᠭᠠᠨ ᠮᠡᠳᠡᠭᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ ︾ ︵ᠳᠣᠷᠣᠭᠰᠢ ︽ᠠᠰᠠᠭᠤᠯᠲᠠ ᠬᠠᠷᠢᠭᠤᠯᠲᠠ︾ ᠭᠡᠵᠦ ᠳᠥᠭᠦᠮᠴᠢᠯᠡᠨ᠎ᠡ︶ ᠭᠡᠬᠦ ᠨᠣᠮ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠵᠦ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃        ︽ᠠᠰᠠᠭᠤᠯᠲᠠ ᠬᠠᠷᠢᠭᠤᠯᠲᠠ︾ ᠨᠢ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡ ᠶᠢᠨ ᠬᠥᠭᠵᠢᠯᠲᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠣᠨᠣᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠠᠰᠠᠭᠤᠯᠲᠠ ᠬᠠᠷᠢᠭᠤᠯᠲᠠ ᠶᠢᠨ ᠭᠡᠯᠪᠡᠷᠢ ᠪᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠢᠯᠡᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠤ ᠨᠠᠮ ᠤᠨ ᠰᠢᠨ᠎ᠡ ᠡᠭᠦᠳᠦᠯᠲᠡ ᠶᠢᠨ ᠣᠨᠣᠯ ᠢ ᠨᠠᠩ ᠭᠦᠨᠵᠡᠭᠡᠢ ᠰᠤᠷᠤᠯᠴᠠᠨ ᠣᠶᠢᠯᠠᠭᠠᠵᠤ᠂ ᠨᠠᠩ ᠤᠬᠠᠮᠰᠠᠷ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠷ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠳᠤ ᠬᠠᠪᠰᠤᠷᠤᠮᠵᠢ ᠪᠣᠯᠪᠠ᠃ ︽ᠠᠰᠠᠭᠤᠯᠲᠠ ᠬᠠᠷᠢᠭᠤᠯᠲᠠ︾ ᠨᠢ ᠨᠡᠶᠢᠳᠡ 10 ᠬᠡᠰᠡᠭ᠂ 50 ᠠᠰᠠᠭᠤᠯᠲᠠ ᠪᠠᠷ ᠪᠦᠷᠢᠯᠳᠦᠵᠦ ᠂ ᠠᠭᠤᠯᠭ᠎ᠠ ᠪᠠᠶᠠᠯᠢᠭ᠂ ᠭᠡᠯᠪᠡᠷᠢ ᠰᠢᠨ᠎ᠡ᠂ ᠭᠡᠷᠡᠯ ᠵᠢᠷᠤᠭ ᠦᠰᠦᠭ ᠪᠢᠴᠢᠭ ᠢ ᠬᠤᠣᠰᠯᠠᠭᠤᠯᠵᠤ᠂ ᠳᠦᠭᠦᠮ ᠣᠶᠢᠯᠠᠭᠠᠮᠵᠢᠲᠠᠢ ᠪᠠᠶᠢᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠬᠠᠪᠰᠤᠷᠤᠮᠵᠢ ᠶᠢᠨ ᠤᠩᠰᠢᠬᠤ ᠪᠢᠴᠢᠭ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号