ᠲᠢᠶᠠᠨ ᠶᠤᠸᠠᠨ ᠨᠡᠶᠢᠭᠡᠮ ᠲᠣᠭᠤᠷᠢᠭ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ︾ ᠶᠢᠨ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭᠠᠨ ᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/1/22
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ 1 ᠰᠠᠷ᠎ᠠ ᠶᠢᠨ 21 ᠤ ᠡᠳᠦᠷ᠂ ᠤᠯᠠᠭᠠᠨᠬᠤᠲᠠ ᠶᠢᠨ ᠦ᠋ ᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠵᠤ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ︾ ᠶᠢᠨ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭᠠᠨ ᠤ ᠬᠤᠷᠠᠯ ᠢ ᠥᠷᠨᠢᠭᠦᠯᠪᠡ᠃
640.png
        ᠬᠤᠷᠠᠯ ᠳᠡᠭᠡᠷ᠎ᠡ᠂ ᠲᠢᠶᠠᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠮᠧᠩ ᠰᠢᠶᠠᠩ ᠹᠧᠩ ᠡᠩ ᠲᠡᠷᠢᠭᠦᠨ ᠳᠤ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ︾ ᠶᠢᠨ ᠲᠤᠬᠠᠶ ᠨᠠᠷᠢᠨ ᠲᠠᠶᠢᠯᠤᠮᠵᠢ ᠬᠢᠵᠦ᠂ ᠰᠣᠶᠣᠯ ᠤᠨ ᠢᠲᠡᠭᠡᠯ ᠢᠶᠠᠨ ᠬᠡᠷᠬᠢᠨ ᠪᠠᠲᠤᠳᠬᠠᠬᠤ᠂ ᠵᠥᠪ ᠣᠨᠣᠪᠴᠢᠲᠠᠶ ᠳᠤᠮᠳᠠᠳᠤ ᠶᠢᠨ ᠦᠨᠳᠦᠰᠦᠲᠡᠨ ᠤ ᠲᠡᠤᠬᠡ ᠶᠢᠨ ᠦᠵᠡᠯᠲᠡ ᠶᠢ ᠪᠣᠶ ᠪᠣᠯᠭᠠᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠵᠡᠷᠭᠡ ᠠᠭᠤᠯᠭ᠎ᠠ ᠶᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ ᠲᠢᠶᠠᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠤᠶᠢᠰᠢᠳᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠳᠤᠮᠳᠠ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠪᠦᠯᠬᠦᠮᠳᠡᠵᠦ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠤᠶᠤᠨ ᠰᠠᠨᠠᠭᠠᠨ ᠤ ᠠᠭᠤᠯᠤᠭᠳᠠᠬᠤᠨ ᠢ ᠰᠠᠶᠢᠲᠤᠷ ᠳᠠᠮᠵᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃ ᠳᠠᠷᠠᠭ᠎ᠠ ᠳᠤᠨᠢ᠂ ᠡᠯ᠎ᠡ ᠨᠠᠮ ᠤᠨ ᠡᠭᠦᠷ ᠤᠨ ᠱᠦᠵᠢ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠬᠦᠨᠵᠡᠭᠡᠢ ᠶᠠᠷᠢᠯᠴᠠᠵᠤ᠂ ᠤᠯᠠᠨ ᠢᠶᠠᠷ ᠢᠶᠠᠨ ᠥᠪᠡᠷ ᠤᠨ ᠠᠮᠢᠳᠤᠷᠠᠯ ᠤᠨ ᠲᠤᠷᠰᠢᠯᠭ᠎ᠠ ᠪᠣᠯᠤᠨ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠯᠲᠠ ᠪᠣᠯᠤᠨ ᠲᠦᠷᠦᠭᠳᠡᠯ ᠢᠶᠠᠨ ᠬᠤᠪᠢᠶᠠᠯᠴᠠᠪᠠ᠃
640 (1).png
        ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭᠠᠨ ᠤ ᠬᠤᠷᠠᠯ ᠨᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ︾ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠢᠲᠡᠭᠡᠯ ᠵᠣᠷᠢᠭ ᠢ ᠪᠠᠲᠤᠳᠬᠠᠵᠤ᠂ ᠣᠯᠠᠨ ᠤ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ︾ ᠲᠤᠬᠠᠶ ᠣᠶᠤᠨᠴᠢ ᠲᠠᠨᠢᠯᠲᠠ ᠪᠠ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠦᠨᠡᠨ ᠬᠦ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠲᠢᠶᠠᠨ ᠶᠤᠸᠠᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠤᠯᠠᠨ ᠬᠡᠯᠪᠡᠷᠢ ᠶᠢᠨ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠤᠨ᠎ᠠ᠃   
 
ᠢᠷᠡᠯᠲᠡ᠄ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号