ᠰᠢᠨ᠎ᠡ ᠬᠤᠲᠠ ᠵᠡᠭᠡᠯᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ  ᠲᠠᠷᠢᠶᠠᠴᠢᠳ ᠢ ᠬᠠᠪᠰᠤᠷᠤᠨ ᠪᠣᠷᠣᠯᠠᠭᠤᠯᠭ᠎ᠠ ᠶᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2025/1/22
         ᠣᠯᠠᠨ ᠲᠠᠯ᠎ᠠ ᠪᠠᠷ ᠬᠦᠴᠦᠯᠡᠵᠦ ᠪᠣᠷᠣᠯᠠᠭᠤᠯᠭ᠎ᠠ ᠶᠢᠨ ᠵᠠᠮ ᠢ ᠥᠷᠭᠡᠳᠭᠡᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠬᠥᠭᠵᠢᠯᠲᠡ ᠶᠢ ᠠᠬᠢᠭᠤᠯᠤᠨ᠎ᠠ᠃ 2024 ᠣᠨ ᠳᠤ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠲᠠᠷᠢᠶᠠᠴᠢᠳ ᠢ ᠬᠠᠪᠰᠤᠷᠤᠨ ᠪᠣᠷᠣᠯᠠᠭᠤᠯᠭ᠎ᠠ ᠶᠢ ᠠᠬᠢᠭᠤᠯᠬᠤ ᠶᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠥᠭᠬᠦ ᠶᠢ ᠠᠬᠢᠭᠤᠯᠬᠤ ᠴᠢᠬᠤᠯᠠ ᠠᠵᠢᠯ ᠪᠣᠯᠭᠠᠨ ᠠᠳᠬᠤᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ︽ᠲᠠᠷᠢᠶᠠᠯᠠᠩ ᠤᠨ ᠪᠦᠲᠦᠭᠡᠭᠳᠡᠬᠦᠨ︾ ᠤ ᠠᠵᠢᠯ ᠢ ᠰᠠᠶᠢᠲᠤᠷ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠵᠡᠢ᠃
640 (8).jpg
        ᠰᠢᠨ᠎ᠡ ᠬᠤᠲᠠ ᠵᠡᠭᠡᠯᠢ ᠶᠢᠨ ᠡᠬᠢ ᠪᠠᠶᠠᠯᠢᠭ ᠡᠯᠪᠡᠭ ᠳᠡᠯᠪᠡᠭ᠂ ᠠᠮᠢ ᠠᠬᠤᠢ ᠶᠢᠨ ᠣᠷᠴᠢᠨ ᠲᠣᠭᠤᠷᠢᠨ ᠰᠠᠶᠢᠨ ᠪᠠᠶᠢᠵᠤ᠂ ᠬᠠᠷᠢᠶ᠎ᠠ ᠣᠷᠣᠨ ᠤ ᠪᠠᠨ ᠳᠣᠲᠣᠷᠠᠬᠢ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠰᠠᠶᠢᠲᠠᠢ᠃ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠰᠢᠨ᠎ᠡ ᠬᠤᠲᠠ ᠵᠡᠭᠡᠯᠢ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠴᠤᠤᠷᠢᠶᠠᠲᠤᠭᠤᠯᠬᠤ ᠶᠢᠨ ᠲᠥᠯᠥᠭᠡ᠂ ᠨᠠᠮ ᠤᠨ ᠠᠵᠢᠯ ᠤᠨ ᠬᠤᠷᠢᠶ᠎ᠠ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠠᠷᠢᠶ᠎ᠠ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ᠂ ᠭᠠᠷᠤᠯᠲᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠨᠠᠷᠢᠨ ᠪᠠᠶᠢᠳᠠᠯ ᠢ ᠨᠠᠷᠢᠨ ᠣᠶᠢᠯᠠᠭᠠᠵᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠪᠠᠷᠠᠭᠤᠨ ᠪᠠᠶᠠᠨ ᠭᠠᠴᠠᠭ᠎ᠠ ᠳᠤ ᠰᠠᠭᠤᠭ᠎ᠠ ᠨᠢᠭᠡᠳᠦᠭᠡᠷ ᠱᠦᠵᠢ ᠶᠢᠨ ᠢᠳᠡᠪᠬᠢᠲᠡᠢ ᠵᠣᠬᠢᠴᠠᠭᠤᠯᠭ᠎ᠠ ᠳᠣᠣᠷ᠎ᠠ᠂ ᠰᠢᠨ᠎ᠡ ᠬᠤᠲᠠ ᠵᠡᠭᠡᠯᠢ ᠶᠢᠨ ᠲᠠᠷᠢᠶᠠᠯᠠᠩ ᠤᠨ ᠣᠨᠴᠠ ᠭᠠᠷᠤᠯᠲᠠ ᠶᠢ ᠬᠢᠩᠭᠠᠨ ᠤ ᠰᠢᠯᠵᠢᠮᠡᠯ ︽ᠲᠠᠷᠢᠶᠠᠯᠠᠩ ᠵᠢᠭᠤᠯᠴᠢᠯᠠᠯ ᠤᠨ e ᠥᠷᠲᠡᠭᠡ︾ ᠶᠢᠨ ᠳᠡᠯᠭᠡᠨ ᠦᠵᠡᠭᠦᠯᠬᠦ ᠯᠠᠩᠭᠦᠶ ᠳᠤ ᠣᠷᠣᠭᠤᠯᠤᠨ ᠬᠤᠳᠠᠯᠳᠤᠵᠤ᠂ ᠣᠳᠣᠬᠠᠨ ᠳᠤ ᠨᠢᠭᠡᠨᠲᠡ ᠲᠤᠲᠤᠷᠭ᠎ᠠ᠂ ᠪᠤᠷᠴᠠᠭ ᠵᠡᠷᠭᠡ 5 ᠲᠥᠷᠥᠯ ᠤᠨ 16 ᠵᠦᠢᠯ ᠢ ᠪᠣᠷᠣᠯᠠᠭᠤᠯᠵᠤ ᠪᠠᠶᠢᠨ᠎ᠠ᠃        ᠡᠭᠦᠨ ᠤ ᠬᠠᠮᠲᠤ᠂ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠲᠦ ᠶᠢ ᠠᠯᠳᠠᠷᠰᠢᠭᠤᠯᠬᠤ ᠶᠢᠨ ᠲᠥᠯᠥᠭᠡ᠂ ᠰᠢᠨ᠎ᠡ ᠬᠤᠲᠠ ᠵᠡᠭᠡᠯᠢ ᠨᠢ ︽ᠲᠠᠸᠠᠷ ᠤᠨ ᠲᠡᠮᠳᠡᠭ ᠢᠶᠠᠷ ᠲᠠᠷᠢᠶᠠᠴᠢᠳ ᠢ ᠪᠠᠶᠠᠵᠢᠭᠤᠯᠬᠤ︾ ᠶᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠡᠷᠳᠡᠨᠢ︾ ᠪᠣᠯᠭᠠᠵᠤ᠂ ᠦᠢᠯᠡᠴᠢᠯᠡᠭᠡ᠂ ᠬᠢᠨᠠᠨ ᠬᠠᠮᠢᠶᠠᠷᠤᠯᠲᠠ᠂ ᠤᠬᠠᠭᠤᠯᠭ᠎ᠠ ᠵᠡᠷᠭᠡ ᠭᠤᠷᠪᠠᠨ ᠶᠡᠭᠡ ᠡᠭᠦᠷᠭᠡ ᠴᠢᠳᠠᠪᠬᠢ ᠳᠤ ᠰᠠᠭᠤᠷᠢᠯᠠᠨ᠂ ᠣᠳᠣᠬᠠᠨ ᠳᠤ ᠶᠠᠭ ︽ᠬᠤᠲᠠ ᠶᠢᠨ ᠲᠡᠭᠦᠷᠭᠡ ᠶᠢᠨ ᠰᠢᠨ᠎ᠡ ᠬᠤᠲᠠ︾ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠭᠤᠶᠤᠴᠢᠯᠠᠵᠤ᠂ ᠦᠢᠯᠡᠳᠬᠦᠨ ᠤ ᠠᠯᠳᠠᠷᠰᠢᠯ ᠢ ᠤᠯᠠᠮ ᠨᠢᠭᠡ ᠠᠯᠬᠤᠮ ᠥᠷᠭᠡᠳᠬᠡᠨ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠬᠤᠲᠠ ᠵᠡᠭᠡᠯᠢ ᠶᠢᠨ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃   
 
ᠢᠷᠡᠯᠲᠡ᠄ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号