| ᠤᠢᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠪᠦᠬᠦ ᠣᠷᠣᠨ ᠤ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠤᠨ ᠰᠢᠨ᠎ᠡ ᠶᠢ ᠡᠭᠦᠳᠦᠭᠰᠡᠨ ᠰᠢᠯᠢᠳᠡᠭ ᠵᠢᠱᠢᠶ᠎ᠡ ᠶᠢᠨ ᠨᠡᠷᠡᠰ ᠢ ᠨᠡᠶᠢᠲᠡᠯᠡᠪᠡ᠃ ᠠᠩᠬ᠎ᠠ ᠠᠯᠬᠤᠮ ᠰᠢᠯᠢᠨ | ᠰᠣᠩᠭᠤᠬᠤ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠪᠥᠬᠦ ᠣᠷᠣᠨ ᠤ ᠡᠯ᠎ᠡ ᠭᠠᠵᠠᠷ ᠤᠷᠤᠨ | ᠡᠯ᠎ᠡ ᠰᠠᠯᠠᠭ᠎ᠠ ᠮᠥᠴᠢᠷ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠶᠢ | ᠡᠭᠦᠳᠦᠭᠰᠡᠨ ᠰᠢᠯᠢᠳᠡᠭ ᠵᠢᠱᠢᠶ᠎ᠡ ᠶᠢ ᠨᠡᠶᠢᠲᠡ 40 ᠰᠢᠯᠭᠠᠷᠠᠭᠤᠯᠪᠠ᠃ ᠡᠭᠦᠨ ᠳᠤ᠂ ᠬᠢᠩᠭᠠᠨ ᠠᠶᠢᠮᠠᠭ ᠤᠨ ᠰᠢᠨ᠎ᠡ ᠶᠢ | ᠡᠭᠦᠳᠦᠭᠰᠡᠨ 3 ᠵᠢᠱᠢᠶ᠎ᠡ ᠳᠤᠰ ᠨᠡᠷᠡᠰ ᠲᠤ ᠰᠣᠩᠭᠤᠭᠳᠠᠵᠠᠢ᠃ ᠲᠡᠳᠡᠭᠡᠷ ᠨᠢ ᠲᠤᠰ ᠲᠤᠰ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ︿ᠠᠷᠪᠠᠨ ᠨᠢᠭᠡ﹀ ᠶᠢᠨ | ᠬᠤᠪᠢᠰᠬᠠᠯᠳᠥ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠭᠦ︾᠂ ︽︿ᠪᠦᠬᠦ ᠠᠷᠠᠳ ᠤᠨ ︿ᠲᠣᠰᠬᠤᠨ ᠤ | TV﹀ ᠪᠣᠯᠪᠠᠰᠤᠨ ᠤ ᠠᠶᠠᠰ ᠢ ᠴᠤᠤᠷᠢᠶᠠᠳᠤᠭᠤᠯᠬᠤ︾᠂ ︽︿ᠵᠠᠭᠤᠨ ᠬᠤᠳᠠ ᠮᠢᠩᠭᠠᠨ ᠳᠡᠯᠭᠡᠴᠡ · | ᠤᠯᠠᠭᠠᠨᠬᠤᠳᠠ ᠶᠢᠨ ᠰᠠᠭᠤᠭᠳᠠᠯ﹀ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠵᠥ ᠤᠯᠠᠭᠠᠨᠬᠤᠳᠠ ᠶᠢᠨ ᠰᠣᠶᠣᠯ | ᠵᠢᠭᠤᠯᠴᠢᠯᠠᠯ ᠢ ᠬᠦᠭᠵᠢᠭᠦᠯᠬᠦ︾ ᠪᠣᠯᠤᠨ᠎ᠠ᠃ | ᠣᠶᠢᠯᠠᠭᠠᠭᠰᠠᠨ ᠢᠶᠠᠷ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ︿ᠠᠷᠪᠠᠨ ᠨᠢᠭᠡ﹀ ᠶᠢᠨ ᠬᠤᠪᠢᠰᠬᠠᠯᠳᠥ ᠭᠤᠤᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠬᠦ | ︾ ᠵᠢᠱᠢᠶ᠎ᠡ ᠨᠢ ᠬᠢᠩᠭᠠᠨ ᠠᠶᠢᠮᠠᠭ ᠤᠨ ᠬᠤᠪᠢᠰᠬᠠᠯᠳᠦ ᠰᠣᠶᠣᠯ ᠢ ᠪᠠᠳᠠᠷᠠᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ | ᠬᠠᠷᠢᠯᠴᠠᠨ ᠤᠶᠠᠯᠳᠤᠭᠤᠯᠬᠤ ᠶᠢ ᠳᠡᠯᠭᠡᠨ ᠦᠵᠡᠭᠦᠯᠵᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠠᠷᠪᠠᠨ ᠨᠢᠭᠡ︾ ᠶᠢᠨ ᠬᠤᠪᠢᠰᠬᠠᠯᠳᠥ ᠭᠤᠣᠯ ᠰᠡᠳᠦᠪᠲᠦ ᠰᠢᠷᠢᠰ | ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠳᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ | ᠤᠴᠢᠷ︾ ᠢ ᠭᠦᠨᠵᠡᠭᠡᠢ ᠮᠡᠳᠡᠷᠡᠭᠦᠯᠪᠡ᠃ ︽ᠪᠥᠬᠦ ᠠᠷᠠᠳ ᠤᠨ ︿ᠲᠣᠰᠬᠤᠨ ᠤ TV﹀ ᠪᠣᠯᠪᠠᠰᠤᠨ ᠤ ᠠᠶᠠᠰ ᠢ | ᠴᠤᠤᠷᠢᠶᠠᠳᠤᠭᠤᠯᠬᠤ︾ ᠵᠢᠱᠢᠶ᠎ᠡ ᠳᠤ ᠵᠠᠯᠠᠶᠢᠳ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠰᠡᠳᠭᠢᠯ ᠢᠶᠠᠨ | ᠨᠢᠭᠡᠳᠭᠡᠨ ᠬᠦᠴᠦᠨ ᠢᠶᠠᠨ ᠨᠢᠭᠲᠠᠷᠠᠭᠤᠯᠬᠤ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠠᠢ᠃ | ᠤᠯᠠᠨ ᠳᠦᠮᠡᠨ ᠤ ︽ᠲᠣᠰᠬᠤᠨ ᠤ TV︾ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠣᠯᠠᠨ ᠥᠪᠡᠷ ᠢ ᠪᠠᠨ | ᠳᠡᠯᠭᠡᠨ ᠦᠵᠡᠭᠦᠯᠬᠦ᠂ ᠥᠪᠡᠷ ᠢ ᠪᠠᠨ ᠬᠥᠮᠦᠵᠢᠭᠦᠯᠬᠦ ᠲᠣᠮᠣ ᠲᠠᠪᠴᠠᠩ ᠬᠠᠨᠭ᠍ᠭᠠᠨ ᠥᠭᠴᠦ᠂ ᠪᠠᠶᠠᠷ ᠪᠠᠶᠠᠰᠤᠯ ᠤᠨ | ᠳᠤᠮᠳᠠ ᠪᠣᠯᠪᠠᠰᠤᠨ ᠰᠢᠨ᠎ᠡ ᠰᠤᠷᠲᠠᠯ ᠢ ᠪᠤᠢ ᠪᠤᠯᠭᠠᠵᠠᠢ᠃ ︽︿ᠵᠠᠭᠤᠨ ᠬᠤᠳᠠ ᠮᠢᠩᠭᠠᠨ ᠳᠡᠯᠭᠡᠴᠡ · | ᠤᠯᠠᠭᠠᠨᠬᠤᠳᠠ ᠶᠢᠨ ᠰᠠᠭᠤᠭᠳᠠᠯ﹀ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠵᠥ ᠤᠯᠠᠭᠠᠨᠬᠤᠳᠠ ᠶᠢᠨ ᠰᠣᠶᠣᠯ | ᠵᠢᠭᠤᠯᠴᠢᠯᠠᠯ ᠢ ᠬᠦᠭᠵᠢᠭᠦᠯᠬᠦ︾ ᠵᠢᠱᠢᠶ᠎ᠡ ᠳᠤ ᠤᠯᠠᠭᠠᠨᠬᠤᠲᠠ ᠤᠮᠠᠷᠠᠲᠤ ᠬᠢᠯᠢ ᠶᠢᠨ ᠰᠣᠶᠣᠯ ᠢ ᠤᠬᠠᠭᠤᠯᠤᠨ | ᠲᠠᠨᠢᠯᠴᠠᠭᠤᠯᠬᠤ᠂ ᠭᠠᠵᠠᠷ ᠣᠷᠣᠨ ᠤ ᠲᠦᠷᠢ ᠲᠥᠷᠬᠦ ᠶᠢ ᠤᠯᠠᠮᠵᠢᠯᠠᠬᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠠᠨ ᠪᠤᠯᠭᠠᠵᠠᠢ᠃ ︽ᠵᠠᠭᠤᠨ ᠬᠤᠲᠠ ᠮᠢᠩᠭᠠᠨ ᠳᠡᠯᠭᠡᠴᠡ | · ᠤᠯᠠᠭᠠᠨᠬᠤᠲᠠ ᠶᠢᠨ ᠰᠠᠭᠤᠭᠳᠠᠯ︾ ᠤᠨ ᠤᠮᠠᠷᠠᠲᠤ ᠬᠢᠯᠢ ᠶᠢᠨ ᠰᠣᠶᠣᠯ ᠤᠨ ᠤᠯᠠᠭᠠᠨᠬᠤᠲᠠ ᠶᠢᠨ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠤᠯᠤᠰ ᠤᠨ ᠠᠳᠠᠯᠢ ᠪᠤᠰᠤ ᠭᠠᠵᠠᠷ ᠣᠷᠣᠨ ᠤ ᠬᠤᠳᠠ ᠲᠠᠢ | ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠵᠤ ᠬᠠᠷᠢᠯᠴᠠᠨ ᠲᠤᠯᠢ ᠪᠤᠯᠭᠠᠵᠥ ᠤᠯᠠᠮᠵᠢᠯᠠᠨ ᠳᠡᠯᠭᠡᠷᠡᠭᠦᠯᠬᠦ | ᠬᠠᠷᠢᠯᠴᠠᠭ᠎ᠠ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠦᠬᠦ ᠤᠯᠤᠰ ᠤᠨ ᠡᠯ᠎ᠡ ᠭᠠᠵᠠᠷ ᠲᠤ ᠬᠥᠭᠵᠢᠭᠦᠯᠬᠦ᠂ | ᠤᠮᠠᠷᠠᠲᠤ ᠬᠢᠯᠢ ᠳᠤ ᠦᠨᠳᠦᠰᠦᠯᠡᠭᠰᠡᠨ ᠰᠢᠯᠢᠳᠡᠭ ᠰᠣᠶᠣᠯ ᠢ ᠰᠢᠨ᠎ᠡ ᠴᠠᠭ ᠦᠶ᠎ᠡ ᠳᠤ ᠤᠯᠠᠮᠵᠢᠯᠠᠨ ᠲᠠᠯᠬᠡᠷᠡᠭᠦᠯᠵᠡᠢ᠃ | 3 ᠵᠢᠱᠢᠶ᠎ᠡ ᠨᠢ ᠴᠥᠮ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠡᠯ᠎ᠡ ᠭᠠᠵᠠᠷ ᠤᠨ ᠲᠤᠷᠰᠢᠯᠭ᠎ᠠ ᠠᠷᠭ᠎ᠠ ᠬᠢᠳᠡᠯ᠂ | ᠬᠢᠯᠠᠰ ᠴᠡᠭ ᠪᠣᠳᠠᠲᠠᠶ ᠠᠷᠭ᠎ᠠ ᠶᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠤᠬᠠᠭᠤᠯᠭ᠎ᠠ ᠶᠢᠨ ᠠᠵᠢᠯ ᠤᠨ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ᠤᠬᠠᠭᠤᠯᠭ᠎ᠠ ᠶᠢᠨ ᠡᠬᠢ ᠪᠠᠶᠠᠯᠢᠭ ᠢ | ᠭᠦᠨᠵᠡᠭᠡᠶ ᠠᠭᠤᠳᠠᠯᠤᠨ᠂ ᠬᠢᠩᠭᠠᠨ ᠠᠶᠢᠮᠠᠭ ᠤᠨ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ | ᠬᠥᠲᠥᠯᠦᠨ ᠵᠢᠯᠣᠭᠤᠳᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠪᠡ᠃ ︵ᠰᠢᠦ | ᠰᠢᠦ ᠨᠢᠩᠵᠢᠨ︶ | | | | | | |