ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2025/1/23
        1 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠵᠤ᠂ ᠤᠯᠠᠭᠠᠨᠬᠤᠲᠠ ᠶᠢᠨ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠵᠢᠭᠠᠪᠠ᠃ ᠬᠤᠷᠠᠯ ᠠᠴᠠ ᠤᠯᠠᠮᠵᠢᠯᠠᠭᠰᠠᠨ ᠰᠢᠨ᠎ᠡ ᠮᠡᠳᠡᠭᠡ ᠵᠠᠩᠭᠢ᠂ ᠲᠥᠯᠥᠪᠵᠢᠭᠦᠯᠦᠭᠰᠡᠨ ᠰᠢᠨ᠎ᠡ ᠰᠡᠳᠬᠢᠴᠡ ᠨᠢ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠦᠳᠲᠡᠷ ᠲᠦᠷᠭᠡᠨ ᠬᠠᠯᠠᠭᠤᠨ ᠲᠤᠰᠬᠠᠯ ᠭᠠᠷᠭᠠᠵᠤ᠂ ᠤᠯᠠᠨ ᠢᠶᠠᠷ ᠢᠶᠠᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠠᠷᠠᠯᠲᠠ ᠪᠠᠨ ᠪᠠᠲᠤ ᠡᠵᠡᠮᠳᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠤᠯᠠᠭᠠᠨᠬᠤᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃        ︽ᠬᠤᠷᠠᠯ ᠤᠨ ᠶᠠᠷᠢᠶ᠎ᠠ ᠨᠢ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠡᠳᠬᠢᠴᠡ ᠲᠣᠳᠣᠷᠬᠠᠶ᠂ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯᠴᠢ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠮᠠᠨ ᠤ ᠭᠡᠭᠡᠨᠰᠦ᠋ᠮ᠎ᠡ ᠪᠠᠯᠭᠠᠰᠤᠨ ᠤ 2025 ᠣᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ᠃ ᠮᠠᠨ ᠤ ᠪᠠᠯᠭᠠᠰᠤ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠪᠠᠶ᠋ᠬᠠᠤᠰᠤ ᠭᠠᠴᠠᠭ᠎ᠠ ᠶᠢ ᠪᠦᠬᠦ ᠲᠠᠯ᠎ᠠ ᠪᠠᠷ ᠨᠡᠭᠦᠯᠭᠡᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ︿ᠲᠠᠷᠢᠶᠠᠯᠠᠩ ᠤᠨ ᠬᠤᠯᠪᠣᠭᠠᠲᠤ ᠴᠣᠭᠴᠠ ᠶᠢᠨ ᠬᠤᠷᠰᠢᠶ᠎ᠠ﹀ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠭᠦᠨᠵᠡᠭᠡᠶᠢᠷᠡᠭᠦᠯᠵᠦ᠂ ᠬᠤᠪᠢᠰᠬᠠᠯ ᠤᠨ ᠳᠤᠷᠠᠰᠬᠠᠯᠲᠤ ᠠᠳᠤᠭᠤᠨ ᠪᠠᠯᠭᠠᠰᠤ ᠭᠡᠭᠡᠨᠰᠦ᠋ᠮ᠎ᠡ ᠶᠢᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠬᠥᠳᠡᠭᠡ ᠲᠣᠰᠬᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠪᠠ ᠬᠦᠬᠡ ᠠᠳᠤᠭᠤᠨ ᠲᠠᠯᠠᠪᠠᠢ ᠶᠢᠨ ︿ᠢᠯᠴᠢ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ᠂ ᠠᠳᠠᠯ ᠠᠬᠤᠢ ᠶᠢᠨ ᠬᠠᠮᠢᠶᠠᠷᠤᠯᠲᠠ᠂ ᠪᠣᠬᠢᠷ ᠤᠰᠤ ᠶᠢ ᠵᠠᠰᠠᠬᠤ᠂ ᠬᠤᠭ ᠨᠣᠪᠰᠢ ᠶᠢ ᠵᠠᠰᠠᠬᠤ﹀ ᠠᠵᠢᠯ ᠤᠨ ᠨᠡᠶᠢᠭᠡᠮᠴᠢᠯᠡᠭᠰᠡᠨ ᠡᠭᠦᠷᠭᠡ ᠴᠢᠳᠠᠪᠬᠢ ᠶᠢᠨ ᠬᠤᠶᠠᠷ ᠵᠦᠢᠯ ᠤᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠯᠠᠪᠳᠠᠭᠤᠨ ᠪᠠᠲᠤᠲᠠᠢ ᠪᠦᠲᠦᠮᠵᠢᠲᠡᠢ ᠠᠵᠢᠯᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︿ᠰᠢᠨ᠎ᠡ ᠵᠠᠮ ᠨᠡᠭᠡᠬᠡᠵᠦ᠂ ᠳᠤᠮᠳᠠ ᠲᠥᠪᠰᠢᠨ ᠳᠤ ᠣᠷᠣᠬᠤ﹀ ᠬᠠᠷᠠᠯᠲᠠ ᠶᠢ ᠪᠡᠶᠡᠯᠡᠭᠦᠯᠬᠦ ᠳᠤ ᠭᠡᠭᠡᠨᠰᠦ᠋ᠮ᠎ᠡ ᠪᠠᠯᠭᠠᠰᠤ ᠶᠢᠨ ᠬᠦᠴᠦᠨ ᠴᠢᠳᠠᠯ ᠢ ᠨᠡᠮᠡᠷᠢᠯᠡᠬᠦ ᠪᠠᠷ ᠴᠢᠷᠮᠠᠶᠢᠨ᠎ᠠ︾ ᠭᠡᠵᠦ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠸᠧᠨ ᠮᠢᠩ ᠬᠡᠯᠡᠪᠡ᠃        ︽ᠬᠤᠷᠠᠯ ᠤᠨ ᠵᠣᠷᠢᠭ ᠰᠠᠨᠠᠭ᠎ᠠ ᠶᠢ ᠣᠶᠢᠯᠠᠭᠠᠬᠤ ᠪᠠᠷ ᠳᠠᠮᠵᠢᠭᠤᠯᠤᠨ᠂ 2025 ᠣᠨ ᠳᠤ᠂ ᠢᠯᠠᠯᠲᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠭᠠᠭᠤᠯᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠰᠢᠨ᠎ᠡ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠰᠢᠨ᠎ᠡ ᠪᠠᠶᠢᠳᠠᠯ ᠢ ᠬᠥᠲᠥᠯᠥᠨ ᠳᠠᠭᠠᠭᠤᠯᠤᠨ᠎ᠠ᠃ ᠤᠢᠢᠷ᠎ᠠ ᠲᠡᠭᠦᠷᠭᠡ ᠶᠢᠨ ᠳᠠᠪᠠᠭᠤᠯᠢᠭ ᠢ ᠪᠠᠳᠠᠷᠠᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠬᠤ ᠡᠨᠡᠬᠦ ᠫᠠᠶᠢᠰᠠ ᠶᠢ ᠰᠠᠶᠢᠲᠤᠷ ᠪᠤᠰᠬᠠᠵᠤ᠂ ᠪᠠᠶᠠᠨᠴᠠᠭᠠᠨ ᠠᠭᠤᠯᠠ ᠶᠢᠨ ᠦᠵᠡᠮᠵᠢ ᠶᠢᠨ ᠣᠷᠣᠨ ᠢ ᠵᠣᠨ ᠤ ᠤᠯᠠᠷᠢᠯ ᠤᠨ ᠡᠷᠡᠭᠦᠯᠵᠢᠯ ᠰᠣᠪᠢᠯᠠᠯᠲᠠ ᠶᠢᠨ ᠠᠵᠤ ᠠᠬᠤᠢ᠂ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠲᠠᠢ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠦᠢᠯᠡᠰ ᠤᠨ ᠬᠡᠯᠪᠡᠷᠢ ᠪᠣᠯᠭᠠᠨ ᠴᠣᠭᠴᠠᠯᠠᠨ᠎ᠠ᠃ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠶᠢᠨ ᠳᠠᠪᠠᠭᠤᠯᠢᠭ ᠲᠤ ᠲᠦᠰᠢᠭᠯᠡᠨ᠂ ᠡᠷᠡᠭᠦᠯᠵᠢᠯ ᠰᠤᠪᠢᠯᠠᠯᠲᠠ᠂ ᠠᠷᠠᠳ ᠤᠨ ᠪᠠᠭᠤᠳᠠᠯ᠂ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠰᠢᠨ᠎ᠡ ᠪᠠᠶᠢᠳᠠᠯ ᠢ ᠪᠣᠶ ᠪᠣᠯᠭᠠᠵᠤ᠂ ᠪᠠᠶᠢᠬᠤ ᠠᠴᠠ ᠰᠢᠯᠢᠳᠡᠭ ᠪᠣᠯᠭᠠᠬᠤ ᠶᠢ ᠪᠡᠶᠡᠯᠡᠭᠦᠯᠦᠨ᠎ᠡ᠃ ᠢᠳᠡᠪᠬᠢᠲᠡᠢ ᠪᠠᠷ ᠠᠷᠭ᠎ᠠ ᠤᠬᠠᠭᠠᠨ ᠰᠦᠪᠡᠭᠴᠢᠯᠡᠵᠦ᠂ ︿ᠲᠠᠪᠤᠨ ᠰᠠᠶᠢᠨ ᠬᠤᠶᠠᠷ ᠲᠣᠬᠢᠷᠠᠮᠵᠢᠲᠠᠢ﹀ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠵᠤ᠂ ᠲᠥᠯᠥᠪᠵᠢᠭᠦᠯᠭᠡ ᠰᠠᠶᠢᠨ᠂ ᠪᠦᠳᠦᠭᠡᠨ ᠪᠠᠶᠢᠭᠤᠯᠤᠯᠲᠠ ᠰᠠᠶᠢᠨ᠂ ᠣᠷᠴᠢᠨ ᠲᠣᠭᠤᠷᠢᠨ ᠰᠠᠶᠢᠨ᠂ ᠡᠵᠡᠩᠨᠡᠯᠲᠡ ᠰᠠᠶᠢᠨ᠂ ᠬᠥᠳᠡᠭᠡ ᠲᠣᠰᠬᠤᠨ ᠤ ᠰᠤᠷᠲᠠᠯ ᠰᠠᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠡᠶ᠎ᠡ ᠵᠣᠬᠢᠴᠠᠯᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠠᠭᠠᠭᠤᠯᠤᠭᠴᠢ ᠪᠣᠯᠤᠨ᠎ᠠ︾ ᠭᠡᠵᠦ ᠢᠯᠠᠯᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠢᠶᠠ ᠸᠧᠶ ᠷᠦ ᠬᠡᠯᠡᠪᠡ᠃    ᠲᠢᠶᠠᠨ ᠵᠢᠶᠤᠤ ᠵᠡᠭᠡᠯᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ᠂ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠫᠸᠢ ᠶᠢᠩ ᠮᠧᠢ᠂ ︽ᠬᠤᠷᠠᠯ ᠨᠢ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠢᠯᠠᠩᠭᠤᠶ᠎ᠠ ᠮᠠᠨ ᠤ ᠦᠨᠳᠦᠰᠦᠨ ᠱᠠᠲᠤᠨ ᠤ ᠵᠡᠭᠡᠯᠢ ᠭᠤᠳᠤᠮᠵᠢ ᠶᠢᠨ ᠠᠵᠢᠯ ᠤᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠰᠢᠨ᠎ᠡ ᠨᠢᠭᠡ ᠵᠢᠯ ᠳᠤ᠂ ᠲᠢᠶᠠᠨ ᠵᠢᠶᠤᠤ ᠵᠡᠭᠡᠯᠢ ᠶᠢᠨ ᠬᠢᠨ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠲᠢᠶᠠᠨ ᠵᠢᠶᠤᠤ ᠵᠡᠭᠡᠯᠢ ᠶᠢᠨ ︿ᠬᠤᠪᠢᠰᠬᠠᠯ ᠤᠨ ᠦᠢᠯᠡᠴᠢᠯᠡᠭᠡ ᠶᠢ ᠲᠦᠮᠡᠨ ᠡᠷᠦᠬᠡ ᠳᠤ ᠣᠷᠣᠭᠤᠯᠬᠤ﹀ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠦᠷᠦᠯ ᠲᠡᠮᠳᠡᠭ ᠲᠤ ᠦᠷᠭᠦᠯᠵᠢᠯᠡᠨ ᠲᠦᠰᠢᠭᠯᠡᠵᠦ᠂ ᠨᠢᠯᠬ᠎ᠠ ᠬᠡᠦᠬᠡᠳ ᠢ ᠬᠥᠮᠦᠵᠢᠭᠦᠯᠬᠦ ᠳᠡᠭᠡᠨ ᠴᠢᠳᠠᠮᠠᠭᠠᠢ᠂ ᠰᠤᠷᠤᠯᠴᠠᠯᠭ᠎ᠠ ᠳᠤ ᠰᠢᠯᠢᠳᠡᠭ ᠰᠤᠷᠭᠠᠯᠲᠠ ᠲᠠᠢ᠂ ᠡᠪᠡᠳᠴᠢᠨ ᠢ ᠨᠢ ᠰᠠᠶᠢᠨ ᠡᠮᠴᠢᠯᠡᠬᠦ᠂ ᠦᠲᠡᠯᠦᠭᠡ ᠨᠠᠰᠤᠨ ᠳᠤ ᠪᠠᠨ ᠠᠰᠠᠷᠠᠮᠵᠢ ᠲᠠᠢ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠪᠠᠶᠢᠬᠤ᠂ ᠪᠠᠭᠤᠷᠠᠶᠢᠴᠤᠳ ᠢ ᠤᠯᠠᠨ ᠢᠶᠠᠷ ᠢᠶᠠᠨ ᠬᠠᠷᠠᠭᠠᠯᠵᠠᠬᠤ ᠵᠡᠷᠭᠡ ᠡᠯ᠎ᠡ ᠲᠠᠯ᠎ᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠢ ᠨᠠᠷᠢᠯᠢᠭ ᠣᠨᠣᠴᠠᠲᠠᠢ᠂ ᠪᠦᠬᠦ ᠲᠠᠯ᠎ᠠ ᠶᠢᠨ᠂ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠢᠶᠠᠨ ᠵᠢᠶᠤᠤ ᠶᠢᠨ ︿ᠪᠥᠬᠦ ᠦᠵᠡᠭᠳᠡᠯ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠲᠢᠶᠠᠨ ᠵᠢᠶᠤᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠢᠶᠠᠨ ᠵᠢᠶᠤᠤ ᠵᠡᠭᠡᠯᠢ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ᠂ ︿ᠣᠶᠤᠨᠴᠢ ᠦᠢᠯᠡᠴᠢᠯᠡᠭᠡᠨ ᠤ ᠬᠡᠯᠪᠡᠷᠢ ᠶᠢᠨ ᠨᠡᠶᠢᠭᠡᠮ ᠲᠣᠭᠤᠷᠢᠭ﹀ ᠢ ᠡᠭᠦᠳᠦᠨ ᠪᠠᠶᠢᠭᠤᠯᠬᠤ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ᠃ ᠠᠵᠢᠯ ᠤᠨ ᠳᠤᠮᠳᠠ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠯᠠᠭᠠᠨᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠢᠶᠠᠨ ᠵᠢᠶᠣᠣ ᠶᠢᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠵᠡᠶ᠃       
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号