| | ᠴᠠᠭᠠᠨ ᠰᠠᠷ᠎ᠠ ᠣᠶᠢᠷᠠᠳᠬᠤ ᠪᠠᠷ᠂ ᠬᠤᠲᠠ ᠶᠢᠨ ᠤᠳᠤᠷᠢᠳᠤᠯᠭ᠎ᠠ ᠮᠠ ᠮᠧᠩ᠂ ᠪᠦᠦ ᠭᠦᠸᠧ ᠵᠥᠩ᠂ ᠴᠧ | ᠯᠦᠨ᠂ ᠸᠠᠩ ᠶᠢᠩ ᠴᠢᠶᠦ᠋ᠨ᠂ ᠶᠢᠨ ᠳ᠋ᠢᠶᠠᠨ᠂ ᠸᠠᠩ ᠭᠦᠸᠧ ᠠᠨ᠂ ᠦ᠋ ᠪᠦᠦ ᠱᠠᠨ ᠨᠠᠷ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷ᠂ ᠬᠦᠴᠢᠷᠳᠡᠯᠲᠡᠶ ᠣᠯᠠᠨ ᠲᠦᠮᠡᠨ᠂ ᠰᠠᠭᠤᠭ᠎ᠠ ᠴᠡᠷᠢᠭ ᠠᠩᠭᠢ ᠶᠢ ᠲᠣᠬᠤᠨᠢᠭᠤᠯᠵᠤ᠂ | ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ | ᠮᠠ ᠮᠧᠩ ᠨᠠᠷ ᠤᠷᠢᠳ ᠬᠤᠵᠢᠳ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠰᠦᠨ ᠢ ᠭᠠᠩ᠂ | ᠴᠧᠨ ᠴᠠᠩ ᠴᠢᠩ᠂ ᠯᠢ ᠹᠦ᠋ ᠵᠢᠶᠠᠩ᠂ ᠡᠷᠳᠡᠨᠢᠪᠤᠯᠠᠭ ᠤᠨ ᠭᠡᠷ ᠲᠤ ᠬᠦᠷᠴᠦ ᠪᠣᠯᠭᠤᠭᠠᠨ ᠲᠣᠬᠤᠨᠢᠭᠤᠯᠵᠤ᠂ | ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠴᠠᠭᠠᠨ ᠰᠠᠷ᠎ᠠ ᠶᠢᠨ ᠮᠡᠨᠳᠦᠴᠢᠯᠡᠯ ᠪᠣᠯᠤᠨ ᠰᠠᠶᠢᠨ ᠰᠠᠶᠢᠬᠠᠨ | ᠵᠥᠩᠨᠡᠯ ᠳᠡᠪᠰᠢᠭᠦᠯᠵᠡᠢ᠃ ᠬᠦᠷᠦᠭᠰᠡᠨ ᠭᠠᠵᠠᠷ ᠪᠣᠯᠭᠠᠨ ᠳᠤ᠂ ᠮᠠ ᠮᠧᠩ ᠠᠬᠠᠮᠠᠳ ᠺᠠᠳ᠋ᠷᠴᠤᠳ ᠤᠨ ᠪᠡᠶ᠎ᠡ | ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠠᠬᠠᠮᠠᠳ ᠺᠠᠳ᠋ᠷᠴᠤᠳ ᠤᠨ | ᠪᠡᠶ᠎ᠡ ᠪᠠᠨ ᠬᠢᠴᠢᠶᠡᠬᠦ ᠶᠢᠨ ᠬᠠᠮᠲᠤ ᠲᠤᠷᠰᠢᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ | ᠥᠩᠭᠡᠷᠡᠭᠰᠡᠨ ᠲᠠᠢ ᠪᠠᠨ ᠠᠳᠠᠯᠢ ᠪᠠᠷ ᠤᠯᠠᠭᠠᠨᠬᠤᠲᠠ ᠶᠢᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠵᠦ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ | ᠭᠠᠷᠭᠠᠵᠤ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ | | | | | ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠲᠤ᠂ ᠮᠠ ᠮᠧᠩ ᠴᠡᠷᠢᠭ ᠠᠩᠭᠢ ᠶᠢᠨ ᠣᠷᠣᠨ ᠨᠤᠲᠤᠭ ᠤᠨ | ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠵᠡᠭᠦᠯᠦᠭᠰᠡᠨ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠬᠡᠭᠰᠡᠨ ᠪᠥᠭᠡᠳ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠦᠢᠯᠡᠴᠢᠯᠡᠭᠡ | ᠪᠠᠲᠤᠯᠠᠭ᠎ᠠ ᠶᠢ ᠰᠡᠳᠬᠢᠯ ᠲᠠᠯᠪᠢᠨ ᠰᠠᠶᠢᠲᠤᠷ ᠬᠢᠵᠦ᠂ ᠰᠠᠭᠤᠭ᠎ᠠ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠬᠡᠬᠦ ᠪᠠ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠪᠠᠲᠤᠯᠠᠭ᠎ᠠ ᠳᠤ ᠨᠠᠩ ᠠᠰᠢᠭᠲᠠᠶ ᠨᠥᠬᠦᠴᠡᠯ ᠢ | ᠡᠭᠦᠳᠴᠦ᠂ ᠬᠤᠶᠠᠷ ᠢ ᠬᠦᠷᠢᠶᠡᠯᠡᠬᠦ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ ᠭᠡᠵᠦ | ᠢᠯᠡᠳᠬᠡᠪᠡ᠃ ᠬᠤᠶᠠᠷ ᠲᠠᠯ᠎ᠠ ᠪᠠᠷ ᠢᠶᠠᠨ ᠢᠷᠡᠭᠡᠳᠦᠢ ᠳᠤ ᠤᠯᠤᠯᠴᠠᠭ᠎ᠠ ᠬᠠᠷᠢᠯᠴᠠᠭ᠎ᠠ ᠪᠠᠨ ᠨᠢᠭᠲᠠᠷᠠᠭᠤᠯᠵᠤ᠂ ᠴᠡᠷᠢᠭ | ᠵᠠᠰᠠᠭ ᠴᠡᠷᠢᠭ ᠠᠷᠠᠳ ᠤᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠶᠢ ᠬᠦᠰᠡᠵᠦ | ᠪᠠᠶᠢᠨ᠎ᠠ ᠭᠡᠵᠡᠢ᠃ | | | | | ᠠᠮᠢᠳᠤᠷᠠᠯ ᠨᠢ ᠬᠦᠴᠢᠷᠳᠡᠯᠲᠡᠶ ᠯᠢᠦ ᠰᠢᠤ ᠷᠦᠩ ᠤᠨ ᠬᠡᠷ ᠲᠤ᠂ ᠮᠠ ᠮᠧᠩ ᠲᠡᠭᠦᠨ ᠲᠠᠢ ᠳᠣᠲᠣᠨᠣ ᠪᠠᠷ | ᠶᠠᠷᠢᠯᠴᠠᠵᠤ᠂ ᠲᠡᠭᠦᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠪᠣᠯᠤᠨ ᠬᠡᠷ ᠪᠦᠯᠢ ᠶᠢᠨ ᠣᠷᠣᠯᠭ᠎ᠠ ᠶᠢᠨ | ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠦᠴᠢᠷᠳᠡᠯᠲᠡᠶ | ᠣᠯᠠᠨ ᠲᠦᠮᠡᠨ ᠢ ᠢᠯᠡᠭᠦᠬᠡᠨ ᠬᠠᠯᠠᠮᠵᠢᠯᠠᠨ ᠬᠠᠪᠰᠤᠷᠴᠤ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠢᠳᠡᠪᠬᠢᠲᠡᠶ | ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠰᠢᠢᠳᠪᠦᠷᠢᠯᠡᠵᠦ᠂ ᠲᠡᠳᠡᠨ ᠤ ᠪᠠᠶᠠᠷ ᠬᠥᠷ ᠲᠠᠢ ᠥᠯᠵᠡᠶ ᠪᠡᠯᠭᠡ ᠲᠠᠢ | ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |