| 2024 ᠣᠨ ᠳᠤ᠂ ᠤᠯᠠᠭᠠᠨᠬᠤᠲᠠ ᠤᠯᠠᠨ ᠡᠰᠢᠲᠦ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ | ᠬᠦᠴᠦᠯᠡᠵᠦ᠂ ᠡᠮ ᠡᠮᠨᠡᠯᠭᠡ ᠡᠮᠴᠢᠯᠡᠭᠡ ᠵᠡᠷᠭᠡ ᠲᠠᠯ᠎ᠠ ᠪᠠᠷ ᠳᠤᠪᠤᠶᠢᠮ᠎ᠠ ᠠᠮᠵᠢᠯᠲᠠ ᠣᠯᠵᠤ᠂ ᠠᠷᠠᠳ ᠤᠨ | ᠠᠮᠢᠳᠤᠷᠠᠯ ᠢ ᠪᠠᠲᠤᠯᠠᠬᠤ᠂ ᠬᠤᠳᠠ ᠶᠢᠨ ᠠᠷᠠᠳ ᠤᠨ ᠠᠮᠢᠳᠤᠷᠠᠯ ᠢ ᠪᠠᠶᠠᠯᠢᠭᠵᠢᠭᠤᠯᠬᠤ ᠳᠤ ᠦᠨᠡᠨᠬᠦ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ | 2024 ᠣᠨ ᠳᠤ᠂ ᠤᠯᠠᠭᠠᠨᠬᠤᠲᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠰᠲ᠋ᠧᠮ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠬᠡᠪᠴᠢᠶᠡᠨ ᠤ ᠡᠮᠨᠡᠯᠭᠡ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠢ ᠦᠨᠳᠦᠰᠦᠨ ᠱᠠᠲᠤ ᠳᠠᠶᠢᠰᠢ ᠬᠡᠯᠪᠠᠶᠢᠯᠭᠡᠬᠦ ᠶᠢ ᠠᠬᠢᠭᠤᠯᠤᠬᠰᠠᠨ ᠪᠠᠶᠢᠨ᠎ᠠ᠂ ᠡᠬᠦᠨ ᠳᠤ | ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ | ᠴᠢᠩᠭᠠᠷᠠᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠵᠢᠴᠢ ᠴᠢᠨᠠᠷ ᠰᠠᠶᠢᠲᠠᠶ ᠡᠮᠴᠢᠯᠡᠭᠡᠨ ᠤ | ᠮᠡᠷᠭᠡᠵᠢᠯ ᠤᠨ ᠴᠢᠳᠠᠪᠤᠷᠢᠲᠠᠨ ᠤ ︽ᠬᠤᠶᠠᠷ ᠢ ᠦᠨᠳᠦᠰᠤᠨ ᠱᠠᠳᠤᠨ ᠳᠤ ᠪᠠᠭᠤᠯᠭᠠᠬᠤ︾ ᠶᠢ ᠪᠡᠶᠡᠯᠡᠭᠦᠯᠦᠨ᠂ | ᠨᠡᠶᠢᠲᠡ 5000 ᠭᠠᠷᠤᠶ ᠬᠥᠮᠦᠨ ︵ᠤᠳᠠᠭ᠎ᠠ︶ ᠠᠰᠢᠭ ᠭᠥᠷᠳᠡᠬᠡᠪᠡ᠃ ᠡᠭᠦᠨ ᠤ ᠬᠠᠮᠲᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠤᠳᠠᠭᠠᠨ ᠴᠢᠨᠠᠷᠲᠠᠶ ᠡᠪᠡᠳᠴᠢᠨ ᠤ | ᠬᠠᠮᠢᠶᠠᠷᠤᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠦᠨᠳᠦᠰᠦᠨ ᠱᠠᠲᠤᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠳᠠᠭᠠᠨ ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ | ᠭᠠᠷᠭᠠᠨ᠂ ᠡᠮᠴᠢᠯᠡᠭᠡ ᠪᠠ ᠰᠡᠷᠭᠡᠶᠢᠯᠡᠯᠲᠡ ᠶᠢᠨ ᠠᠭᠤᠰᠤᠯᠴᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ | ︽ᠦᠨᠳᠦᠰᠦᠨ ᠱᠠᠲᠤᠨ ᠤ ᠪᠠᠶᠢᠴᠠᠭᠠᠯᠲᠠ + ᠰᠢᠶᠠᠨ ᠤ ᠱᠠᠲᠤᠨ ᠤ ᠣᠨᠣᠰᠢᠯᠠᠯᠲᠠ︾ ᠶᠢᠨ ᠵᠠᠭᠪᠤᠷ ᠢ ᠪᠡᠶᠡᠯᠡᠭᠦᠯᠵᠦ | ᠂ ᠶᠡᠷᠦᠩᠬᠡᠶ ᠡᠮᠨᠡᠯᠭᠡ ᠶᠢᠨ ᠬᠤᠷᠢᠶ᠎ᠠ ᠨᠢ ᠡᠯ᠎ᠡ ᠦᠨᠳᠦᠰᠦᠨ ᠱᠠᠲᠤᠨ ᠤ ᠬᠤᠪᠢᠶᠠᠷᠢ ᠬᠤᠷᠢᠶ᠎ᠠ ᠳᠤ 4868 ᠬᠥᠮᠦᠨ | ︵ᠤᠳᠠᠭ᠎ᠠ︶ ᠳᠤ DR ᠣᠨᠣᠰᠢᠯᠠᠯᠲᠠ ᠬᠢᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ︽ᠡᠴᠦᠰ ᠤᠨ ᠨᠢᠭᠡ | ᠺᠢᠯᠣᠮᠧᠲᠷ︾ ᠢ ᠰᠠᠭᠠᠳ ᠥᠬᠡᠶ ᠨᠡᠪᠲᠡᠷᠡᠭᠦᠯᠵᠠᠢ᠃ | 2025 ᠣᠨ ᠳᠤ᠂ ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠭᠦᠨᠵᠡᠭᠡᠶ ᠳᠥᠯᠭᠢᠨ ᠠᠬᠢᠭᠤᠯᠵᠤ᠂ ᠴᠢᠨᠠᠷ ᠰᠠᠶᠢᠲᠠᠶ ᠡᠬᠢ ᠪᠠᠶᠠᠯᠢᠭ ᠢ ᠦᠨᠳᠦᠰᠤᠨ | ᠱᠠᠳᠤᠨ ᠳᠤ ᠪᠠᠭᠤᠯᠭᠠᠬᠤ ᠪᠠᠷ ᠭᠤᠤᠯ ᠪᠣᠯᠭᠠᠨ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠪᠠᠷ ᠠᠴᠢᠶᠠᠯᠠᠪᠤᠷᠢ | ᠪᠣᠯᠭᠠᠵᠦ᠂ ᠬᠥᠳᠡᠭᠡ ᠲᠣᠰᠬᠤᠨ ᠤ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ | ᠡᠮᠴᠢᠯᠡᠭᠡ ᠪᠠ ᠰᠡᠷᠭᠡᠶᠢᠯᠡᠯᠲᠡ ᠶᠢ ᠬᠠᠮᠵᠢᠯᠴᠠᠭᠤᠯᠤᠨ ᠠᠭᠤᠰᠤᠯᠴᠠᠭᠤᠯᠬᠤ ᠠᠷᠭ᠎ᠠ ᠶᠢ ᠭᠡᠷᠡᠭᠵᠢᠬᠦᠯᠤᠨ᠂ ᠦᠨᠳᠦᠰᠦᠨ | ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠤ | ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠤᠷ ᠢ ᠨᠢᠭᠲᠠ ᠪᠥᠭᠡᠳ ᠪᠠᠲᠤ ᠪᠠᠬᠢ ᠰᠦᠯᠵᠢᠬᠦ ᠪᠤᠯᠤᠨ᠎ᠠ᠃ ︵ᠬᠣ᠋ ᡁᠢ | ᠮᠢᠨ ᠮᠠ ᠢᠤᠢ ᠰᠢᠶᠠᠩ︶ |