| ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠭᠠᠷᠭᠠᠭᠰᠠᠨ ᠪᠥᠬᠦ | ᠤᠯᠤᠰ ᠤᠨ ᠢᠳᠡᠭᠡᠨ ᠤ ᠠᠮᠤᠷ ᠲᠦᠪᠰᠢᠨ ᠤ ︽ᠲᠠ ᠵᠠᠬᠢᠶᠠᠯᠠᠵᠤ ᠪᠢᠳᠡ ᠪᠠᠶᠢᠴᠠᠭᠠᠶ᠎ᠠ ᠦᠢᠯᠡᠴᠢᠯᠡᠭᠡ ᠪᠠᠷ | ᠠᠷᠠᠳ ᠲᠤ ᠠᠰᠢᠭ ᠬᠦᠷᠲᠡᠭᠡᠶ᠎ᠡ︾ ᠠᠷᠠᠳ ᠤᠨ ᠰᠠᠨᠠᠭ᠎ᠠ ᠶᠢ ᠴᠤᠭᠯᠠᠭᠤᠯᠬᠤ ᠰᠢᠰᠲ᠋ᠧᠮ ᠢ 2 ᠤᠨ ᠡᠳᠦᠷ | ᠵᠢᠩᠬᠢᠨᠢ ᠪᠠᠷ ᠡᠬᠢᠯᠡᠵᠤ ᠠᠰᠢᠭᠯᠠᠪᠠ᠃ ᠡᠨᠡ ᠬᠦ ᠰᠢᠰᠲ᠋ᠧᠮ ᠨᠢ ᠬᠡᠷᠬᠢᠨ ᠠᠵᠢᠯᠯᠠᠳᠠᠭ ᠪᠤᠢ︖ ᠬᠡᠷᠡᠭᠯᠡᠭᠴᠢᠳ | ᠶᠠᠭᠠᠬᠢᠵᠤ ᠣᠷᠣᠯᠴᠠᠬᠤ ᠪᠤᠶ︖ 2025 ᠣᠨ ᠳᠤ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠪᠤᠯ︖ | | ︽ᠡᠨᠡ ᠬᠦ ᠰᠢᠰᠲ᠋ᠧᠮ ᠪᠣᠯ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠤ ᠬᠡᠷᠡᠭᠴᠡᠭᠡ ᠶᠢ | ᠬᠤᠷᠠᠮᠳᠤᠭᠤᠯᠬᠤ ᠲᠠᠪᠴᠠᠩ ᠮᠥᠨ ᠪᠥᠭᠡᠳ ᠪᠠᠰᠠ ᠴᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨ ᠤᠬᠠᠮᠰᠠᠷ ᠠᠴᠠ ᠪᠠᠨ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠴᠣᠩᠬᠤᠪᠴᠢ ᠮᠥᠨ︾᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ | ᠶᠡᠷᠦᠩᠬᠡᠢ ᠬᠢᠨᠠᠭᠴᠢ᠂ ᠢᠳᠡᠭᠡᠨ ᠤ ᠵᠦᠢᠯ ᠢ ᠰᠤᠭᠤᠴᠢᠨ ᠪᠠᠶᠢᠴᠠᠭᠠᠬᠤ ᠵᠤᠷᠭᠠᠨ ᠤ ᠳᠠᠷᠤᠭ᠎ᠠ ᠰᠦᠨ ᠬᠤᠢ ᠴᠤᠸᠠᠨ᠂ | ᠠᠷᠠᠳ ᠤᠯᠠᠨ ᠤ ᠠᠩᠬᠠᠷᠴᠤ ᠪᠠᠶᠢᠭ᠎ᠠ ᠢᠳᠡᠭᠡᠨ ᠤ ᠵᠦᠢᠯ ᠢ ᠰᠤᠭᠤᠴᠢᠨ ᠪᠠᠶᠢᠴᠠᠭᠠᠬᠤ ᠰᠠᠨᠠᠭᠤᠯᠭ᠎ᠠ ᠶᠢ ᠢᠯᠡ ᠪᠠᠷ | ᠴᠤᠭᠯᠠᠭᠤᠯᠬᠤ ᠨᠢ ᠳᠠᠷᠤᠢ ︽ᠠᠷᠠᠳ ᠤᠯᠠᠨ ᠶᠠᠭᠤ ᠶᠢ ᠠᠩᠬᠠᠷᠪᠠᠯ ᠪᠢᠳᠡ ᠲᠡᠭᠦᠨ ᠢ ᠪᠠᠶᠢᠴᠠᠭᠠᠬᠤ︾ ᠢᠢ | ᠰᠠᠨᠠᠭᠠᠴᠢᠯᠠᠵᠤ᠂ ᠬᠡᠷᠡᠭᠯᠡᠭᠴᠢᠳ ᠢ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠳᠤ ᠣᠷᠣᠯᠴᠠᠭᠴᠢ᠂ | ᠭᠡᠷᠡᠴᠢᠯᠡᠭᠴᠢ ᠪᠠ ᠬᠢᠨᠠᠯᠲᠠ ᠲᠠᠯᠪᠢᠭᠴᠢ ᠪᠣᠯᠭᠠᠬᠤ ᠪᠠᠷ ᠰᠠᠨᠠᠭᠠᠴᠢᠯᠠᠳᠠᠭ ᠭᠡᠵᠦ ᠬᠡᠯᠡᠪᠡ᠃ | ᠲᠠᠨᠢᠯᠴᠠᠭᠤᠯᠤᠭᠰᠠᠨ ᠢᠶᠠᠷ᠂ ᠬᠡᠷᠡᠭᠯᠡᠭᠴᠢᠳ ︽ᠲᠠ ᠵᠠᠬᠢᠶᠠᠯᠠᠵᠤ ᠪᠢᠳᠡ ᠪᠠᠶᠢᠴᠠᠭᠠᠶ᠎ᠠ︾ ᠠᠷᠠᠳ ᠤᠨ | ᠰᠠᠨᠠᠭ᠎ᠠ ᠶᠢ ᠴᠤᠭᠯᠠᠭᠤᠯᠬᠤ ᠠᠵᠢᠯᠯᠠᠭ᠎ᠠ ᠳᠤ ᠣᠷᠣᠯᠴᠠᠪᠠᠯ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠯᠪᠠᠨ ᠤ ᠰᠦᠯᠵᠢᠶ᠎ᠡ ᠳᠤ ᠭᠠᠷᠴᠦ᠂ ᠪᠥᠬᠦ ᠤᠯᠤᠰ ᠤᠨ ᠨᠢᠭᠡᠳᠦᠯᠲᠡᠢ ︽ | ᠲᠠ ᠵᠠᠬᠢᠶᠠᠯᠠᠵᠤ ᠪᠢᠳᠡ ᠪᠠᠶᠢᠴᠠᠭᠠᠶ᠎ᠠ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠶ᠎ᠡ︾ ᠠᠵᠢᠯᠯᠠᠭ᠎ᠠ ᠶᠢᠨ | ᠬᠤᠶᠠᠷ ᠬᠡᠮᠵᠢᠯᠲᠦ ᠺᠤᠳ᠋ ᠢ ᠰᠢᠷᠪᠢᠬᠦ ᠪᠠᠷ ᠳᠡᠮᠵᠢᠨ ᠠᠷᠠᠳ ᠤᠨ ᠰᠠᠨᠠᠭ᠎ᠠ ᠶᠢ ᠴᠤᠭᠯᠠᠭᠤᠯᠬᠤ ᠰᠢᠰᠲ᠋ᠧᠮ ᠳᠤ ᠣᠷᠣᠵᠤ | ᠪᠣᠯᠣᠨ᠎ᠠ᠃ ᠬᠡᠷᠡᠭᠯᠡᠭᠴᠢᠳ ᠠᠰᠠᠭᠤᠯᠲᠠ ᠶᠢᠨ ᠬᠠᠭᠤᠳᠠᠰᠤ ᠪᠠᠨ ᠲᠤᠰᠢᠶᠠᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠬᠠᠯᠠᠮᠰᠢᠯ ᠠᠰᠠᠭᠤᠳᠠᠯ ᠢ | ᠣᠨᠣᠪᠴᠢᠲᠠᠶ ᠡᠵᠡᠮᠳᠡᠵᠦ᠂ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠳᠤ ᠴᠢᠭᠯᠡᠭᠦᠯᠬᠦ ᠴᠢᠨᠠᠷᠲᠠᠢ ᠠᠵᠢᠯ ᠢ | ᠥᠷᠨᠢᠭᠦᠯᠵᠦ ᠪᠣᠯᠣᠨ᠎ᠠ᠃ | 2024 ᠣᠨ ᠤ 11 ᠰᠠᠷ᠎ᠠ ᠶᠢᠨ 20 ᠤ ᠡᠳᠦᠷ ᠠᠴᠠ ᠡᠬᠢᠯᠡᠨ᠂ ᠡᠨᠡ ᠬᠦ ᠰᠢᠰᠲ᠋ᠧᠮ ᠢ ᠨᠢᠭᠡᠨᠲᠡ ᠪᠥᠬᠦ | ᠤᠯᠤᠰ ᠤᠨ ᠣᠯᠠᠨ ᠭᠠᠵᠠᠷ ᠲᠤ 40 ᠭᠠᠷᠤᠢ ᠡᠳᠦᠷ ᠲᠤᠷᠰᠢᠨ ᠠᠵᠢᠯᠯᠠᠭᠤᠯᠵᠠᠢ᠃ ᠲᠤᠷᠰᠢᠨ ᠬᠡᠷᠡᠭᠵᠢᠭᠦᠯᠦᠭᠰᠡᠨ | ᠪᠠᠶᠢᠳᠠᠯ ᠠᠴᠠ ᠦᠵᠡᠪᠡᠯ᠂ ᠡᠯ᠎ᠡ ᠭᠠᠵᠠᠷ ᠤᠨ ᠬᠢᠨ ᠤᠷᠢᠳ ᠬᠤᠵᠢᠳ 276 ᠬᠤᠭᠤᠴᠠᠭ᠎ᠠ ᠠᠰᠠᠭᠤᠯᠲᠠ ᠶᠢᠨ | ᠬᠠᠭᠤᠳᠠᠰᠤ ᠨᠡᠶᠢᠲᠡᠯᠡᠵᠦ᠂ ᠣᠷᠣᠯᠴᠠᠭᠰᠠᠨ ᠬᠥᠮᠥᠨ ᠤᠳᠠᠭ᠎ᠠ 14.35 ᠲᠦᠮᠡ ᠳᠤ ᠬᠦᠷᠴᠦ᠂ ᠠᠷᠠᠳ ᠤᠨ | ᠰᠠᠨᠠᠭ᠎ᠠ ᠶᠢ ᠴᠤᠭᠯᠠᠭᠤᠯᠬᠤ ᠪᠦᠬᠦ᠋ᠢᠯᠡ ᠰᠢᠰᠲ᠋ᠧᠮ ᠲᠣᠭᠲᠠᠭᠤᠨ ᠠᠵᠢᠯᠯᠠᠵᠠᠢ᠃ | ᠰᠦᠨ ᠬᠤᠢ ᠴᠤᠸᠠᠨ᠂ ᠡᠨᠡ ᠬᠦ ᠰᠢᠰᠲ᠋ᠤᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠠᠴᠠ | ᠡᠮᠦᠨ᠎ᠡ 5 ᠵᠢᠯ ᠤᠨ ᠠᠵᠢᠯ ᠤᠨ ᠦᠢᠯᠡᠳᠦᠯᠭᠡ ᠶᠢ ᠳᠠᠮᠵᠢᠵᠠᠢ᠃ 2020 ᠣᠨ ᠠᠴᠠ ᠨᠠᠭᠠᠰᠢ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠢᠯ ᠪᠦᠷᠢ ︽ᠲᠠ ᠵᠠᠬᠢᠶᠠᠯᠠᠵᠤ ᠪᠢᠳᠡ | ᠪᠠᠶᠢᠴᠠᠭᠠᠶ᠎ᠠ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠶ᠎ᠡ︾ ᠭᠤᠣᠯ ᠰᠡᠳᠦᠪᠲᠦ ᠠᠵᠢᠯᠯᠠᠭ᠎ᠠ ᠶᠢ | ᠥᠷᠨᠢᠭᠦᠯᠵᠦ ᠪᠠᠶᠢᠨ᠎ᠠ᠃ 5 ᠵᠢᠯ ᠤᠨ ᠲᠤᠷᠰᠢ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠨᠡᠶᠢᠳᠡ 7200 | ᠭᠠᠷᠤᠢ ᠤᠳᠠᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠠᠰᠠᠭᠤᠯᠲᠠ ᠶᠢᠨ ᠬᠠᠭᠤᠳᠠᠰᠤ ᠶᠢ 1790 | ᠭᠠᠷᠤᠢ ᠲᠦᠮᠡᠨ ᠬᠤᠪᠢ ᠴᠤᠭᠯᠠᠭᠤᠯᠵᠤ᠂ ᠰᠣᠭᠤᠴᠢᠨ ᠪᠠᠶᠢᠴᠠᠭᠠᠭᠰᠠᠨ ᠬᠡᠮᠵᠢᠶ᠎ᠡ 98 ᠲᠦᠮᠡᠨ ᠤᠳᠠᠭ᠎ᠠ ᠳᠤ | ᠬᠦᠷᠴᠡᠢ᠃ ᠪᠠᠶᠢᠴᠠᠭᠠᠵᠤ ᠢᠯᠡᠷᠡᠭᠦᠯᠦᠭᠰᠡᠨ ᠬᠢᠷᠢ ᠲᠡᠩᠴᠡᠬᠦ ᠦᠭᠡᠢ ᠢᠳᠡᠭᠡᠨ ᠳᠤ ᠴᠢᠭᠯᠡᠭᠦᠯᠦᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ ᠬᠢᠨᠠᠨ ᠪᠠᠶᠢᠴᠠᠭᠠᠵᠤ | ᠰᠶᠢᠳᠪᠦᠷᠢᠯᠡᠨ᠂ ᠵᠠᠬ᠎ᠠ ᠠᠴᠠ ᠪᠠᠭᠤᠯᠭᠠᠨ ᠪᠤᠴᠠᠭᠠᠨ ᠠᠪᠠᠴᠢᠭᠰᠠᠨ 1200 ᠭᠠᠷᠤᠢ ᠲᠣᠨ ᠬᠢᠷᠢ ᠲᠡᠩᠴᠡᠬᠦ ᠦᠭᠡᠢ | ᠢᠳᠡᠭᠡᠨ᠂ ᠲᠣᠷᠭᠠᠵᠤ ᠬᠤᠷᠢᠶᠠᠨ ᠠᠪᠤᠭᠰᠠᠨ 1.76 ᠳ᠋ᠦᠩᠰᠢᠭᠤᠷ ᠲᠥᠭᠦᠷᠢᠭ ᠵᠡᠷᠭᠡ ᠶᠢ ᠪᠢᠲᠡᠭᠦᠮᠵᠢᠯᠡᠨ | ᠬᠠᠳᠠᠭᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 230 ᠭᠠᠷᠤᠢ ᠬᠤᠪᠢ ᠰᠢᠯᠵᠢᠭᠦᠯᠦᠨ ᠬᠦᠷᠭᠡᠪᠡ | ᠭᠡᠵᠤ ᠲᠠᠨᠢᠯᠴᠠᠭᠤᠯᠵᠠᠢ᠃ | 2025 ᠣᠨ ᠳᠤ ᠪᠥᠬᠦ ᠤᠯᠤᠰ ᠤᠨ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠠᠷᠠᠳ ᠢᠷᠭᠡᠳ ᠤᠨ ᠵᠠᠬᠢᠶᠠᠯᠠᠵᠤ ᠪᠠᠶᠢᠴᠠᠭᠠᠬᠤ ᠡᠳᠦᠷ︾ ᠤᠨ | ᠪᠤᠲᠠᠲᠦ ᠴᠤᠭᠴᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠵᠦᠢᠯ ᠤᠨ ᠰᠤᠭᠤᠴᠢᠨ | ᠪᠠᠶᠢᠴᠠᠭᠠᠯᠲᠠ ᠶᠢ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠳᠤ ᠣᠶᠢᠷᠠᠲᠤᠭᠤᠯᠵᠤ᠂ ᠠᠳᠠᠯᠢ ᠪᠤᠰᠤ | ᠬᠦᠮᠦᠰ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ ᠬᠡᠷᠡᠭᠯᠡᠭᠴᠢᠳ ᠲᠤ ᠢᠳᠡᠭᠡᠨ ᠤ ᠵᠦᠢᠯ ᠤᠨ ᠠᠮᠤᠷ | ᠲᠦᠪᠰᠢᠨ ᠤ ᠬᠠᠮᠠᠭᠠᠯᠠᠯᠲᠠ ᠶᠢ ᠬᠦᠷᠲᠡᠭᠡᠬᠦ ᠪᠠᠷ ᠪᠤᠢ᠃ | ᠲᠠᠨᠢᠯᠴᠠᠭᠤᠯᠤᠭᠰᠠᠨ ᠢᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠷᠠᠳ | ᠢᠷᠭᠡᠳ ᠤᠨ ᠰᠠᠨᠠᠭᠤᠯᠭ᠎ᠠ ᠶᠢ ᠴᠤᠭᠯᠠᠭᠤᠯᠤᠭᠰᠠᠨ ᠤ ᠳᠠᠷᠠᠭ᠎ᠠ᠂ ᠶᠡᠷᠦ ᠳᠡᠭᠡᠨ ︽ᠵᠢᠷᠭᠤᠭᠠᠨ ᠠᠯᠬᠤᠮ ᠤᠨ | ᠠᠵᠢᠯ ᠤᠨ ᠠᠷᠭ᠎ᠠ︾᠂ ᠲᠤᠬᠠᠶᠢᠯᠠᠪᠠᠯ ᠲᠥᠯᠥᠪᠯᠡᠭᠡ ᠳᠤ ᠣᠷᠣᠭᠤᠯᠬᠤ᠂ ᠵᠣᠬᠢᠶᠠᠨ ᠪᠠᠶᠢᠭᠤᠯᠤᠯᠲᠠ ᠶᠢᠨ ᠥᠯᠢᠭᠡᠷ | ᠠᠪᠬᠤ᠂ ᠰᠢᠨᠵᠢᠯᠡᠬᠦ ᠤᠬᠠᠭᠠᠨᠴᠢ ᠪᠠᠷ ᠰᠢᠯᠭᠠᠨ ᠪᠠᠶᠢᠴᠠᠭᠠᠬᠤ᠂ ᠮᠡᠳᠡᠭᠡ ᠵᠠᠩᠭᠢ ᠨᠡᠶᠢᠲᠡᠯᠡᠬᠦ᠂ ᠬᠠᠷᠭᠤᠭᠤᠯᠤᠨ | ᠪᠠᠶᠢᠴᠠᠭᠠᠵᠤ ᠰᠶᠢᠳᠪᠦᠷᠢᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠯᠬᠤᠮ ᠢᠶᠠᠷ | ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠳᠡᠭ᠃ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠯᠪᠠᠨ ᠤ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠨᠡᠶᠢᠭᠡᠮ ᠳᠤ ᠨᠡᠶᠢᠲᠡᠯᠡᠨ᠎ᠡ᠃ ᠬᠢᠷᠢ ᠲᠡᠩᠴᠡᠬᠦ ᠦᠭᠡᠢ ᠢᠳᠡᠭᠡᠨ ᠳᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ ᠪᠠᠶᠢᠴᠠᠭᠠᠵᠤ ᠰᠶᠢᠳᠪᠦᠷᠢᠯᠡᠬᠦ ᠲᠠᠰ ᠳᠠᠷᠠᠭᠠᠯᠠᠯ ᠤᠨ | ᠶᠣᠰᠣᠭᠠᠷ᠂ ᠬᠢᠨᠠᠨ ᠪᠠᠶᠢᠴᠠᠭᠠᠵᠤ ᠰᠶᠢᠳᠪᠦᠷᠢᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ᠂ | ᠬᠤᠯᠪᠣᠭᠳᠠᠯ ᠪᠦᠬᠦᠢ ᠢᠳᠡᠭᠡᠨ ᠤ ᠦᠢᠯᠡᠳᠪᠦᠷᠢᠯᠡᠭᠴᠢ ᠡᠵᠡᠩᠨᠡᠭᠴᠢ ᠶᠢ ᠱᠠᠯᠠᠪᠳᠠᠭᠤᠯᠤᠨ ᠴᠠᠭ ᠲᠤᠬᠠᠢ ᠳᠤᠨᠢ | ᠵᠠᠬ᠎ᠠ ᠠᠴᠠ ᠪᠠᠭᠤᠯᠭᠠᠵᠤ ᠬᠢᠷᠢ ᠲᠡᠩᠴᠡᠬᠦ ᠦᠭᠡᠢ ᠢᠳᠡᠭᠡᠨ ᠢ ᠪᠤᠴᠠᠭᠠᠨ ᠠᠪᠠᠴᠢᠨ᠎ᠠ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠠᠨ ᠵᠦᠢᠯ ᠤᠨ ᠠᠷᠭ᠎ᠠ ᠵᠠᠮ ᠢᠶᠠᠷ ᠢᠳᠡᠭᠡᠨ ᠤ ᠠᠮᠤᠷ | ᠲᠦᠪᠰᠢᠨ ᠤ ᠬᠡᠷᠡᠭᠯᠡᠭᠡ ᠶᠢᠨ ᠰᠠᠨᠠᠭᠤᠯᠤᠮᠵᠢ ᠶᠢ ᠨᠡᠶᠢᠲᠡᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠤᠷᠢᠵᠤ ᠮᠠᠳᠠᠭ ᠲᠠᠢ ᠠᠰᠠᠭᠤᠳᠠᠯ ᠢ ᠲᠠᠶᠢᠯᠵᠤ᠂ | ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠤ ᠲᠤᠬᠠᠢ ᠣᠶᠤᠨᠴᠢ ᠲᠠᠨᠢᠯᠲᠠ ᠪᠠ ᠰᠢᠭᠤᠳ ᠲᠥᠷᠥᠭᠳᠡᠯ ᠢ | ᠦᠨᠡᠨ ᠬᠦ ᠨᠡᠮᠡᠭᠳᠡᠭᠦᠯᠵᠦ᠂ ᠤᠯᠠᠨ ᠢ ᠨᠡᠩ ᠰᠠᠨᠠᠭ᠎ᠠ ᠠᠮᠤᠷ ᠵᠤᠭᠤᠭᠯᠠᠭᠤᠯᠵᠤ᠂ ᠬᠡᠷᠡᠭᠯᠡᠭᠡ ᠶᠢ ᠨᠡᠩ ᠠᠮᠤᠷ | ᠲᠦᠪᠰᠢᠨ ᠪᠣᠯᠭᠠᠨ᠎ᠠ᠃ | ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ | ᠰᠢᠯᠵᠢᠬᠦᠯᠪᠡ︶ | | | | | | |