︽ᠲᠤᠮᠳᠠᠳᠤ ᠶᠢᠨ ᠦᠨᠳᠤᠰᠤᠳᠡᠨ ᠨᠢᠭᠡ ᠭᠡᠷ ᠪᠦᠯᠢ ᠮᠡᠳᠤ ᠲᠤᠳᠤᠨᠤ︾—ᠦᠨᠳᠦᠰᠦᠲᠡᠨ ᠤ ᠪᠦᠯᠬᠦᠮᠳᠡᠯ ᠤᠨ ᠴᠠᠭ ᠦᠶ᠎ᠡ ᠶᠢᠨ ᠲᠠᠭᠤᠯᠠᠯ ᠢ ᠬᠠᠮᠲᠤ ᠪᠠᠷ ᠪᠢᠴᠢᠭᠯᠡᠨ᠎ᠡ
ᠨᠡᠶᠢᠲᠡᠯᠡᠭᠰᠡᠨ ᠴᠠᠭ᠄
2025/1/23
        ︽ᠰᠠᠶᠢᠨ ᠪᠠᠶᠢᠨ᠎ᠠ ᠤᠤ︖ ᠪᠢᠳᠡ ᠪᠤᠯ ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ ᠲᠠ ᠨᠠᠷ ᠲᠤ 2025 ᠤᠨ ᠤ ᠴᠠᠭ ᠤᠯᠠᠷᠢᠯ ᠤᠨ ᠪᠢᠴᠢᠭ ᠢ ᠬᠦᠷᠭᠡᠵᠦ ᠢᠷᠡᠯ᠎ᠡ ᠁︾ 1 ᠰᠠᠷ᠎ᠠ ᠶᠢᠨ 7 ᠤ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠠᠴᠠ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠢ ᠵᠤᠬᠢᠶᠠᠨ ᠪᠠᠶᠢᠭᠤᠯᠤᠨ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠦᠨ᠂ ᠬᠠᠷᠢᠶ᠎ᠠ ᠤᠷᠤᠨ ᠤ ᠰᠠᠭᠤᠭᠠᠯᠢ ᠠᠷᠠᠳ ᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠵᠡᠷᠭᠡ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠮᠡᠳᠡᠭᠦᠯᠪᠡ᠃        ︽ᠨᠡᠶᠢᠭᠡᠮ ᠲᠣᠭᠤᠷᠢᠭ ᠤᠨ ᠠᠵᠢᠯᠲᠠᠳ ᠦᠷᠭᠦᠯᠵᠢ ᠬᠡᠷ ᠢᠶᠠᠷ ᠢᠷᠡᠵᠦ ᠤᠯᠤᠰ ᠤᠨ ᠲᠥᠷᠥ ᠶᠢᠨ ᠪᠣᠳᠣᠯᠭ᠎ᠠ ᠶᠢ ᠤᠬᠠᠭᠤᠯᠳᠠᠬ᠂ ᠣᠶᠢᠯᠠᠭᠠᠬᠤ ᠥᠬᠡᠶ ᠵᠦᠢᠯ ᠢᠶᠠᠨ ᠠᠰᠠᠭᠤᠪᠠᠯ ᠮᠠᠰᠢ ᠲᠤᠳᠤᠷᠬᠠᠢ ᠬᠠᠷᠢᠭᠤᠯᠳᠡ ᠦᠭᠭᠦᠳᠡᠭ ᠶᠤᠮ︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠬᠦᠢ ᠹᠧᠨ ᠬᠡᠯᠡᠨ᠎ᠡ᠃        ︽ᠭᠠᠷ ᠭᠠᠷ ᠢᠶᠠᠨ ᠬᠤᠯᠪᠣᠯᠴᠠᠨ᠂ ᠰᠡᠳᠭᠢᠯ ᠵᠢᠷᠦᠬᠡ ᠪᠠᠨ ᠬᠤᠯᠪᠣᠨ᠎ᠠ᠂ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠦᠨᠢᠲᠡ ᠰᠠᠯᠤᠰᠢ ᠥᠬᠡᠶ ᠁︾ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠶ ᠰᠢᠶᠠᠩ ᠤᠨ ︽ᠲᠠᠭᠤᠨ ᠦᠨᠳᠦᠷ︾ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠴᠤ ᠡᠬᠢᠯᠡᠨ ᠬᠦᠳᠡᠯᠦᠯᠴᠡᠪᠡ᠃ ᠲᠡᠳᠡ ᠬᠦᠳᠡᠭᠡ ᠲᠣᠰᠬᠤᠨ ᠠᠶᠢᠯ ᠡᠷᠦᠬᠡ ᠪᠠᠷ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠢ ᠤᠬᠠᠭᠤᠯᠤᠨ ᠲᠠᠶᠢᠯᠪᠤᠷᠢᠯᠠᠨ᠎ᠡ᠃        ︽ᠡᠨᠡ ᠤᠬᠠᠭᠤᠯᠬᠤ ᠠᠩᠬᠢ ᠮᠠᠰᠢ ᠰᠠᠶᠢᠨ᠂ ᠶᠠᠷᠢᠭᠰᠠᠨ ᠵᠦᠢᠯ ᠨᠢ ᠤᠯᠠᠨ ᠲᠦᠮᠡᠨ ᠤ ᠰᠡᠳᠬᠢᠯ ᠳᠤ ᠭᠦᠷᠴᠤ ᠪᠠᠶᠢᠨ᠎ᠠ᠂ ᠪᠢᠳᠡ ᠪᠦᠷ ᠣᠶᠢᠯᠠᠭᠠᠵᠤ ᠲᠡᠶᠢᠯᠦᠨ᠎ᠡ︾ ᠭᠡᠵᠦ ᠪᠤᠷᠭᠠᠰᠤᠲᠠᠢ ᠰᠢᠶᠠᠩ ᠤᠨ ᠬᠢᠩᠭᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠱᠦ ᠯᠢᠨ ᠡᠷᠡᠭᠡᠢ ᠭᠠᠷᠭᠠᠨ ᠮᠠᠭᠲᠠᠨ᠎ᠠ᠃ ︽ᠲᠠᠭᠤᠨ ᠦᠨᠳᠦᠷ︾ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠠᠶᠢᠭᠤᠯᠤᠬᠳᠠᠬᠰᠠᠨ ᠠᠴᠠ ᠲᠣᠰᠬᠤᠨ ᠤ ᠠᠷᠠᠳ ᠦᠷᠭᠦᠯᠵᠢ ᠨᠢᠭᠡ ᠲᠤᠤᠷ᠎ᠠ ᠴᠤᠭᠯᠠᠷᠠᠵᠤ᠂ ᠲᠣᠭᠯᠠᠯᠲᠠ ᠦᠵᠡᠵᠦ᠂ ᠲᠦᠷᠦ ᠶᠢᠨ ᠪᠤᠳᠤᠯᠭ᠎ᠠ ᠶᠢ ᠰᠣᠨᠣᠰᠴᠤ᠂ ᠤᠳᠤ ᠶᠢᠨ ᠰᠠᠶᠢᠨ ᠰᠠᠶᠢᠬᠠᠨ ᠠᠮᠢᠳᠤᠷᠠᠯ ᠢᠶᠠᠨ ᠡᠷᠬᠢᠴᠡᠭᠦᠯᠳᠡᠭ ᠪᠠᠶᠢᠯ᠎ᠠ᠃        ᠡᠪᠦᠯ ᠤᠨ ᠤᠯᠠᠷᠢᠯ ᠬᠢᠩᠭᠠᠨ ᠳᠠᠪᠠᠭ᠎ᠠ ᠪᠠᠷ ᠠᠶᠠᠯᠠᠬᠤᠶ᠎ᠠ᠂ ᠭᠤᠶᠣᠮᠰᠤᠭ ᠰᠠᠶᠢᠬᠠᠨ ᠠᠷᠠᠳ ᠤᠨ ᠣᠷᠣᠨ ᠰᠠᠭᠤᠴᠠ᠂ ᠪᠠᠶᠠᠷ ᠪᠠᠶᠠᠰᠬᠤᠯᠠᠩᠲᠤ ᠳᠠᠭᠤᠤ ᠪᠥᠵᠢᠭ᠂ ᠬᠠᠷᠢᠯᠴᠠᠨ ᠬᠠᠪᠰᠤᠷᠤᠯᠴᠠᠭᠰᠠᠨ ᠡᠶ᠎ᠡ ᠨᠠᠶᠢᠷᠰᠠᠭ ᠬᠥᠷᠰᠢ ᠵᠡᠷᠭᠡᠯᠡᠳᠡᠭᠡ ᠨᠦᠭᠦᠳ ᠁ ᠭᠠᠵᠠᠷ ᠪᠣᠯᠭᠠᠨ ᠳᠤ ᠦᠨᠳᠦᠰᠦᠲᠡᠨ ᠨᠦᠭᠦᠳ ᠤᠨ ᠬᠠᠷᠢᠯᠴᠠᠨ ᠲᠦᠰᠢᠯᠴᠡᠵᠦ ᠬᠠᠷᠢᠯᠴᠠᠨ ᠬᠠᠪᠰᠤᠷᠤᠯᠴᠠᠬᠰᠠᠨ ᠰᠡᠳᠭᠢᠯ ᠬᠥᠳᠡᠯᠭᠡᠮ᠎ᠡ ᠵᠢᠷᠤᠭ ᠳᠦᠷᠰᠦ ᠳᠡᠯᠭᠡᠭᠳᠡᠨ᠎ᠠ᠃        ᠬᠠᠮᠲᠤ ᠪᠠᠷ ᠰᠤᠷᠤᠯᠴᠠᠬᠤ ᠶᠢ ᠬᠥᠲᠥᠯᠥᠨ ᠳᠠᠭᠠᠭᠤᠯᠵᠤ᠂ ᠨᠢᠭᠡ ᠤᠳᠠᠭᠠᠨ ᠤ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ︔ ᠣᠷᠣᠯᠭ᠎ᠠ ᠪᠠᠨ ᠨᠡᠮᠡᠭᠳᠡᠭᠦᠯᠵᠦ ᠬᠠᠮᠲᠤ ᠪᠠᠷ ᠪᠠᠶᠠᠵᠢᠬᠤ ᠶᠢ ᠲᠠᠶᠢᠴᠢᠯᠠᠵᠤ᠂ ᠨᠢᠭᠡ ᠤᠳᠠᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠰᠣᠶᠣᠯ ᠢ ᠬᠠᠮᠲᠤ ᠪᠠᠷ ᠡᠳ᠋ᠯᠡᠬᠦ ᠶᠢ ᠬᠦᠨᠵᠡᠭᠡᠶᠢᠷᠡᠬᠦᠯᠵᠦ᠂ ᠨᠢᠭᠡ ᠤᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ︔ ᠣᠷᠴᠢᠨ ᠲᠣᠭᠤᠷᠢᠨ ᠢ ᠬᠠᠮᠲᠤ ᠪᠠᠷ ᠭᠤᠶᠤᠵᠢᠭᠤᠯᠬᠤ ᠶᠢ ᠰᠠᠨᠠᠭᠠᠴᠢᠯᠠᠵᠤ᠂ ᠨᠢᠭᠡ ᠤᠳᠠᠭᠠᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠠ︔ ᠲᠣᠭᠲᠠᠭᠤᠨ ᠪᠥᠭᠡᠳ ᠠᠮᠤᠷ ᠠᠮᠤᠭᠤᠯᠠᠩ ᠢ ᠡᠷᠬᠢᠮᠯᠡᠵᠦ᠂ ᠨᠢᠭᠡ ᠤᠳᠠᠭᠠᠨ ᠤ ᠵᠥᠷᠢᠴᠡᠯ ᠵᠠᠭᠤᠷᠠᠯᠳᠤᠭᠠᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠪᠠ ᠁ 2024 ᠣᠨ ᠳᠤ᠂ ᠬᠢᠩᠭᠠᠨ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠪᠤᠨ ᠨᠢᠭᠡ︾ ᠤᠯᠠᠨ ᠲᠦᠮᠡᠨ ᠤ ᠠᠵᠢᠯ ᠤᠨ ᠠᠷᠭ᠎ᠠ ᠶᠢ ᠬᠡᠷᠡᠭᠵᠢᠭᠦᠯᠵᠦ᠂ ᠤᠯᠠᠷᠢᠯ ᠪᠦᠷᠢ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠭᠠᠭᠤᠯᠤᠨ ︽ᠲᠠᠪᠤᠨ ᠨᠢᠭᠡ︾ ᠶᠢᠨ ᠠᠵᠢᠯᠯᠠᠭ᠎ᠠ ᠶᠢ ᠥᠷᠨᠢᠭᠦᠯᠪᠡ ᠂ ᠡᠨᠡ ᠬᠦ ᠠᠵᠢᠯ ᠤᠨ ᠬᠡᠷᠡᠭᠵᠢᠭᠦᠯᠦᠯᠲᠡ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠣᠷᠣᠰᠢᠨ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ᠂ ᠬᠠᠮᠲᠤ ᠪᠠᠷ ᠠᠭᠤᠰᠤᠯᠴᠠᠵᠤ ᠬᠠᠮᠲᠤ ᠶᠢᠨ ᠬᠠᠶᠢᠷ᠎ᠠ ᠰᠡᠳᠭᠢᠯᠭᠡ ᠶᠢ ᠤᠯᠠᠮ ᠴᠢᠨᠠᠭᠰᠢᠳᠠ ᠨᠡᠮᠡᠭᠳᠡᠭᠦᠯᠪᠡ᠃        ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠶᠤᠸᠠᠨ ᠰᠢᠨ ᠲᠣᠰᠬᠤᠨ ᠳᠤ᠂ ᠪᠠᠶᠢᠳᠠᠯ ᠢ ᠨᠢᠭᠡᠳᠦᠭᠡᠷ ᠹᠷᠣᠨᠲ ᠠᠴᠠ ᠣᠶᠢᠯᠠᠭᠠᠵᠤ᠂ ᠠᠰᠠᠭᠤᠳᠠᠯ ᠢ ᠨᠢᠭᠡᠳᠦᠭᠡᠷ ᠹᠷᠣᠨᠲ ᠠᠴᠠ ᠢᠯᠡᠷᠡᠭᠦᠯᠵᠦ᠂ ᠵᠥᠷᠢᠴᠡᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠭᠰᠠᠨ ᠨᠢ ︽ᠭᠤᠤ ᠤᠪᠤᠬᠲᠤ︾ ᠶᠢᠨ ᠠᠴᠢ ᠭᠠᠪᠢᠶ᠎ᠠ ᠪᠣᠯᠬᠤ ᠶᠤᠮ᠃ ᠲᠣᠰᠬᠤᠨ ᠤ ᠠᠷᠠᠳ ᠵᠠᠭᠤᠷᠠᠯᠳᠤᠭᠠᠨ ᠪᠤᠶᠤ ᠵᠥᠷᠢᠴᠡᠯ ᠡᠭᠦᠰᠬᠦ ᠪᠦᠷᠢ ᠡᠶᠡᠳᠡᠭᠦᠯᠦᠭᠴᠢ ᠭᠤᠤ ᠵᠦᠩ ᠢ ᠶᠢ ᠡᠷᠢᠵᠦ ᠬᠠᠪᠰᠤᠷᠤᠨ ᠡᠶᠡᠳᠡᠭᠦᠯᠬᠦ ᠶᠢ ᠪᠣᠳᠣᠵᠤ ᠣᠯᠳᠠᠭ᠃        ᠭᠤᠤ ᠵᠦᠩ ᠢ ᠡᠳᠦᠷ ᠪᠦᠷᠢ ᠴᠠᠭ ᠲᠠᠢ ᠯᠠ ᠪᠣᠯ ᠲᠣᠰᠬᠤᠨ ᠢᠶᠠᠷ ᠲᠣᠭᠤᠷᠢᠨ ᠴᠠᠭᠳᠠᠵᠤ᠂ ᠪᠠᠭ᠎ᠠ ᠤᠴᠢᠷ ᠢ ᠢᠯᠡᠷᠡᠭᠦᠯᠪᠡᠯ ᠲᠤᠬᠠᠢ ᠶᠢᠨ ᠲᠠᠯᠠᠪᠠᠢ ᠳᠤᠨᠢ ᠰᠢᠢᠳᠪᠦᠷᠢᠯᠡᠵᠦ᠂ ᠶᠡᠭᠡ ᠶᠠᠪᠤᠳᠠᠯ ᠢ ᠠᠰᠢᠭ ᠬᠤᠣᠷ ᠢ ᠨᠢ ᠵᠠᠳᠠᠯᠵᠤ ᠬᠦᠯᠢᠴᠡᠩᠭᠦᠢ ᠪᠠᠷ ᠰᠢᠢᠳᠪᠦᠷᠢᠯᠡᠵᠦ᠂ ᠲᠣᠰᠬᠤᠨ ᠤ ᠠᠷᠠᠳ ᠯᠤᠭ᠎ᠠ ︽ᠰᠠᠶᠢᠨ ᠠᠬ᠎ᠠ ᠳᠡᠭᠦᠦ︾ ᠪᠣᠯᠤᠯᠴᠠᠬᠰᠠᠨ ᠪᠠᠶᠢᠪᠠ᠃ 2024 ᠣᠨ ᠳᠤ᠂ ᠭᠤᠤ ᠵᠦᠩ ᠢ ᠨᠡᠶᠢᠲᠡ 100 ᠭᠠᠷᠤᠢ ᠵᠥᠷᠢᠴᠡᠯ ᠢ ᠡᠶᠡᠳᠡᠭᠦᠯᠦᠭᠰᠡᠨ ᠪᠠᠶᠢᠨ᠎ᠠ᠃        ᠡᠭᠦᠨ ᠲᠠᠢ ᠠᠳᠠᠯᠢ ᠪᠠᠷ᠂ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠶᠦᠩ ᠹᠠᠨ ᠲᠣᠰᠬᠤᠨ ᠤ ᠠᠵᠢᠯᠯᠠᠭᠠᠨ ᠤ ᠲᠠᠰᠤᠭ ᠲᠤ᠂ ᠰᠣᠶᠣᠯ ᠢ ᠬᠠᠮᠲᠤ ᠪᠠᠷ ᠡᠳ᠋ᠯᠡᠬᠦ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ ᠠᠵᠢᠯᠯᠠᠭ᠎ᠠ ᠶᠠᠭ ᠬᠥᠷ ᠬᠥᠭᠵᠢᠶᠡᠨ ᠲᠠᠢ ᠶᠠᠪᠤᠭᠳᠠᠵᠤ᠂ ᠲᠣᠰᠬᠤᠨ ᠤ ᠠᠷᠠᠳ ᠪᠠᠭᠰᠢ ᠶᠢᠨ ᠳᠠᠭᠠᠭᠤᠯᠭ᠎ᠠ ᠲᠤᠤᠷ᠎ᠠ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠰᠢᠯ ᠢ ᠰᠤᠷᠴᠤ ᠪᠠᠶᠢᠯ᠎ᠠ᠃ ᠦᠨᠳᠦᠰᠦᠨ ᠱᠠᠲᠤᠨ ᠳᠤ ᠣᠶᠢᠷᠠᠲᠤᠵᠤ ᠠᠷᠠᠳ ᠤᠨ ᠰᠡᠳᠭᠢᠯ ᠢ ᠳᠤᠯᠠᠭᠠᠴᠠᠭᠤᠯᠬᠤ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃        ᠲᠣᠰᠬᠤᠨ ᠤ ᠠᠷᠠᠳ ᠤᠨ ᠴᠢᠷᠠᠢ ᠳᠤ ᠮᠦᠰᠢᠶᠡᠳᠦ ᠪᠢᠯᠬᠠᠵᠦ ᠰᠡᠳᠬᠢᠯ ᠲᠡᠨᠢᠭᠦᠨ ᠪᠠᠶᠠᠰᠤᠨ᠎ᠠ᠃ ᠤᠯᠠᠭᠠᠨ ᠬᠠᠳᠠ ᠪᠠᠯᠭᠠᠰᠤᠨ ᠤ ᠥᠨᠳᠥᠷ ᠪᠠᠷᠢᠮᠵᠢᠶᠠᠲᠤ ᠲᠦᠬᠦᠭᠡᠷᠤᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠦᠯᠡᠮᠵᠢ ᠳᠤ ᠠᠵᠢᠯᠲᠠᠳ ᠭᠦᠵᠡᠯᠵᠡᠭᠡᠨ᠎ᠡ ᠶᠢᠨ ᠲᠠᠷᠢᠮᠠᠯ ᠤᠨ ᠬᠠᠮᠢᠶᠠᠷᠤᠯᠲᠠ ᠶᠢᠨ ᠲᠤᠷᠰᠢᠯᠭ᠎ᠠ ᠪᠠᠨ ᠰᠣᠯᠢᠯᠴᠠᠵᠤ ᠪᠠᠶᠢᠯ᠎ᠠ᠃        ︽ᠲᠠᠷᠢᠶᠠᠯᠠᠩ ᠤᠨ ᠰᠡᠯᠡᠭᠦᠦ ᠴᠠᠭ ᠲᠤ ᠡ᠊ᠡᠳᠡ ᠢᠷᠡᠵᠦ ᠠᠵᠢᠯᠯᠠᠪᠠᠯ ᠲᠠᠷᠢᠬᠤ ᠮᠡᠷᠭᠡᠵᠢᠯ ᠢ ᠣᠯᠵᠤ ᠰᠤᠷᠬᠤ ᠪᠠᠷ ᠪᠠᠷᠠᠬᠤ ᠦᠭᠡᠢ ᠪᠠᠰᠠ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ︾ ᠭᠡᠵᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠵᠢᠯ ᠰᠢᠬᠠᠮ ᠠᠵᠢᠯᠯᠠᠭᠰᠠᠨ ᠭᠤᠤ ᠶᠢᠨ ᠠᠶᠢᠯ ᠭᠠᠴᠠᠭᠠᠨ ᠤ ᠾᠧ ᠰᠢᠶᠤᠤ ᠴᠢᠩ ᠶᠠᠷᠢᠨ᠎ᠠ᠃ ︽ᠤᠯᠠᠭᠠᠨᠬᠠᠳᠠ ᠪᠠᠯᠭᠠᠰᠤᠨ ᠤ ᠥᠨᠳᠥᠷ ᠪᠠᠷᠢᠮᠵᠢᠶᠠᠲᠤ ᠲᠦᠬᠦᠭᠡᠷᠤᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠨᠡᠷᠡᠨ ᠬᠡᠷᠡᠯ ᠤᠨ ᠬᠦᠯᠡᠮᠵᠢ 12᠂ ᠬᠦᠢᠲᠡᠨ ᠰᠠᠷᠠᠪᠴᠢ 11 ᠪᠠᠶᠢᠵᠤ ᠂ ᠭᠤᠤᠯᠳᠠᠭᠤ ᠲᠥᠪᠡᠳ ᠬᠠᠰᠢ ᠪᠠ ᠰᠢᠷᠣᠶ ᠥᠬᠡᠶ ᠪᠠᠷ ᠳᠠᠷᠢᠵᠤ ᠤᠷᠭᠤᠭᠤᠯᠤᠭᠰᠠᠨ ᠢᠳᠡᠰᠢᠨ ᠨᠣᠭᠤᠭ᠎ᠠ ᠳᠠᠷᠢᠵᠤ ᠪᠠᠶᠢᠨ᠎ᠠ᠃ ᠬᠦᠷᠢᠶᠡᠯᠡᠩ ᠲᠣᠭᠤᠷᠢᠭ ᠨᠢ ᠡᠳᠦᠷ ᠲᠤᠲᠤᠮ ᠤᠨ 35 ᠬᠥᠮᠦᠨ ᠳᠤ ᠠᠵᠢᠯ ᠣᠯᠭᠤᠵᠤ᠂ ᠬᠠᠮᠤᠭ ᠤᠯᠠᠨ ᠳᠤ ᠪᠠᠨ 60 ᠬᠥᠮᠦᠨ ᠳᠤ ᠠᠵᠢᠯ ᠤᠯᠭᠤᠵᠤ᠂ ᠬᠥᠮᠦᠨ ᠪᠦᠷᠢ ᠶᠢᠨ ᠰᠠᠷ᠎ᠠ ᠶᠢᠨ ᠣᠷᠣᠯᠭ᠎ᠠ ᠨᠢ 3600 ᠲᠥᠭᠦᠷᠢᠭ ᠣᠷᠴᠢᠮ ᠳᠤ ᠬᠦᠷᠴᠦ ᠪᠤᠢ︾ ᠭᠡᠵᠦ ᠤᠯᠠᠭᠠᠨᠬᠠᠳᠠ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠵᠥᠩ ᠶᠢᠨ ᠬᠤᠤ ᠲᠠᠨᠢᠯᠴᠠᠭᠤᠯᠪᠠ᠃        ᠭᠤᠤ ᠶᠢᠨ ᠠᠶᠢᠯ ᠭᠠᠴᠠᠭ᠎ᠠ ᠲᠠᠢ ᠠᠳᠠᠯᠢ ᠪᠠᠷ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠭᠡᠮᠡᠭᠳᠡᠭᠰᠡᠨ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤᠨ ᠤ ᠪᠠᠶᠠᠨ ᠵᠢᠷᠦᠬᠡ ᠲᠣᠰᠬᠤᠨ ᠤ ᠵᠠᠮ ᠴᠡᠪᠡᠷ ᠴᠡᠮᠴᠡᠭᠡᠷ᠂ ᠭᠡᠷ ᠪᠠᠶᠢᠰᠢᠩ ᠲᠠᠷᠢ ᠲᠡᠭᠰᠢ᠂ ᠬᠦᠷᠢᠶ᠎ᠡ ᠬᠠᠰᠢᠶ᠎ᠠ ᠭᠤᠶᠤ ᠰᠠᠶᠢᠬᠠᠨ᠃ ᠲᠣᠰ ᠲᠣᠰᠬᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠤᠪᠢ ᠬᠤᠷᠠᠮᠳᠤᠭᠤᠯᠬᠤ ᠲᠦᠷᠢᠮ ᠢ ᠬᠡᠷᠡᠭᠵᠢᠭᠦᠯᠵᠦ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ᠂ ᠬᠤᠭ ᠨᠣᠪᠰᠢ ᠶᠢ ᠴᠡᠪᠡᠷᠯᠡᠨ ᠠᠷᠢᠯᠭᠠᠬᠤ᠂ ᠨᠣᠭᠤᠭᠠᠷᠠᠭᠤᠯᠵᠤ ᠭᠤᠶᠣᠵᠢᠭᠤᠯᠬᠤ ᠵᠡᠷᠭᠡ ᠦᠢᠯᠡ ᠠᠵᠢᠯᠯᠠᠭ᠎ᠠ ᠶᠢ ᠬᠤᠪᠢ ᠬᠤᠷᠠᠮᠳᠤᠭᠤᠯᠬᠤ ᠪᠣᠯᠭᠠᠨ ᠬᠡᠮᠵᠢᠶᠡᠯᠡᠬᠦ ᠶᠢᠨ ᠬᠠᠮᠲᠤ ᠣᠯᠤᠭᠰᠠᠨ ᠬᠤᠪᠢ ᠪᠠᠷ ᠨᠢ ᠱᠠᠩᠨᠠᠯ ᠰᠣᠯᠢᠵᠤ ᠦᠭᠳᠡᠭ᠃ ᠡᠨᠡ ᠬᠦ ᠠᠷᠭ᠎ᠠ ᠬᠡᠮᠵᠢᠶ᠎ᠡ ᠨᠢ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠬᠥᠳᠡᠯᠭᠡᠬᠦ ᠬᠦᠴᠦᠨ ᠢ ᠬᠥᠭᠵᠢᠭᠡᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠰᠭᠦᠯᠡᠩᠲᠦ ᠰᠠᠶᠢᠬᠠᠨ ᠦᠩᠭᠡ ᠦᠵᠡᠮᠵᠢ ᠪᠠ ᠬᠡᠷ ᠣᠷᠣᠨ ᠢ ᠬᠠᠮᠲᠤ ᠪᠠᠷ ᠡᠳ᠋ᠯᠡᠬᠦ ᠶᠢ ᠠᠬᠢᠭᠤᠯᠪᠠ᠃        ᠣᠳᠣᠬᠠᠨ ᠳᠤ᠂ ᠬᠢᠩᠭᠠᠨ ᠠᠶᠢᠮᠠᠭ ᠤᠨ 210 ᠲᠤᠷᠰᠢᠯᠲᠠ ᠶᠢᠨ ᠴᠡᠭ ᠤᠨ ᠲᠣᠰᠬᠤᠨ᠂ ᠨᠡᠶᠢᠭᠡᠮ ᠲᠣᠭᠤᠷᠢᠭ᠂ ᠨᠢᠭᠡᠴᠢ ᠨᠢᠭᠡᠨᠲᠡ ︽ᠲᠠᠪᠤᠨ ᠨᠢᠭᠡ︾ ᠶᠢᠨ ᠤᠯᠠᠨ ᠲᠦᠮᠡᠨᠴᠢ ᠠᠵᠢᠯᠯᠠᠭ᠎ᠠ ᠶᠢ 4700 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ 100 ᠲᠦᠮᠡ ᠰᠢᠬᠠᠮ ᠬᠥᠮᠦᠨ ᠤᠳᠠᠭ᠎ᠠ ᠤᠷᠤᠯᠴᠠᠭᠤᠯᠵᠠᠢ᠃        ︽ᠬᠢᠩᠭᠠᠨ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︿ᠬᠤᠶᠠᠷ ᠣᠷᠣᠨ ᠨᠢᠭᠡ ᠴᠤᠩᠬᠤᠪᠴᠢ﹀ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︿ᠲᠠᠪᠤᠨ ᠨᠢᠭᠡ﹀ ᠶᠢᠨ ᠠᠵᠢᠯ ᠤᠨ ᠠᠷᠭ᠎ᠠ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠦᠨ ᠪᠤᠳᠠᠳᠠᠶᠢᠵᠢᠭᠤᠯᠤᠨ᠎ᠠ︾ ᠭᠡᠵᠦ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠸᠠᠩ ᠯᠢᠶᠠᠨ ᠫᠧᠩ ᠬᠡᠯᠡᠪᠡ᠃        ᠥᠨᠥᠳᠦᠷ ᠤᠨ ᠬᠢᠩᠭᠠᠨ ᠠᠶᠢᠮᠠᠭ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠪᠠ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠦᠢᠯᠡᠳᠦᠯᠭᠡ ᠳᠣᠣᠷ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠠᠮᠢᠳᠤᠷᠠᠬᠤ᠂ ᠬᠠᠮᠲᠤ ᠪᠠᠷ ᠠᠭᠤᠰᠤᠯᠴᠠᠵᠤ ᠬᠠᠮᠲᠤ ᠪᠠᠷ ᠴᠣᠭᠴᠠᠯᠠᠬᠤ ᠦᠵᠡᠰᠭᠦᠯᠡᠩᠲᠦ ᠰᠠᠶᠢᠬᠠᠨ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃        · ᠭᠤᠤ ᠮᠢᠨ ᠨᠠ ᠰᠢᠤᠢ ᠸᠧᠨ ᠵᠢᠶᠦ᠋ᠨ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号