| | 1 ᠰᠠᠷ᠎ᠠ ᠶᠢᠨ 22 ᠤᠨ ᠡᠳᠦᠷ᠂ ᠤᠯᠠᠭᠠᠨᠬᠤᠲᠠ ᠶᠢᠨ ᠳᠡᠭᠦᠯᠢᠨ ᠵᠡᠭᠡᠯᠢ ᠪᠥᠬᠦ ᠺᠠᠳ᠋ᠷ ᠠᠵᠢᠯᠲᠠᠨ ᠤ ᠶᠡᠭᠡ | ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠂ ᠬᠤᠷᠠᠯ ᠢ ᠨᠠᠮ ᠤᠨ ᠠᠵᠢᠯ | ᠤᠨ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠢᠤᠢ ᠱᠢ ᠮᠢᠨ ᠡᠷᠭᠢᠯᠡᠵᠦ᠂ ᠵᠡᠭᠡᠯᠢ | ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠪᠠᠶᠢᠭᠤᠯᠭ᠎ᠠ ᠶᠢᠨ ᠺᠠᠳ᠋ᠷ ᠵᠢᠴᠢ ᠨᠡᠶᠢᠭᠡᠮ | ᠲᠣᠭᠤᠷᠢᠭ ᠤᠨ ᠠᠵᠢᠯᠲᠠᠳ ᠬᠤᠷᠠᠯ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠳᠡᠭᠦᠯᠢᠨ ᠵᠡᠭᠡᠯᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ᠂ ᠨᠠᠮ ᠣᠯᠠᠨ | ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠨ ᠬᠤᠤ ᠠᠴᠠ ᠠᠶᠢᠮᠠᠭ ᠤᠨ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ | ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠵᠢᠴᠢ ᠪᠥᠬᠦ ᠣᠷᠣᠨ᠂ | ᠪᠥᠬᠦ ᠠᠶᠢᠮᠠᠭ᠂ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ 2025 ᠣᠨ ᠤ ᠡᠯ᠎ᠡ | ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠬᠦᠴᠦᠯᠡᠨ ᠪᠡᠶᠡᠯᠡᠭᠦᠯᠬᠦ ᠬᠡᠷᠡᠭᠲᠡᠶ᠃ ᠬᠠᠷᠢᠶ᠎ᠠ ᠣᠷᠣᠨ ᠤ | ᠳᠣᠲᠣᠷᠠᠬᠢ ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠤᠨ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ ᠪᠣᠯᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠶ᠃ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠣᠯᠤᠨ ᠬᠤᠳᠠ ᠶᠢᠨ ᠵᠠᠰᠠᠯᠲᠠ ᠶᠢᠨ | ᠲᠤᠪᠤᠶᠢᠮ᠎ᠠ ᠠᠰᠠᠭᠤᠳᠠᠯ ᠠᠴᠠ ᠡᠭᠦᠰᠴᠦ᠂ 12345 ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠪᠠᠷ | ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ᠃ ᠵᠡᠮᠳᠡᠭᠴᠦᠳ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠵᠡᠷᠭᠡ ᠣᠨᠴᠠᠭᠠᠶ ᠬᠥᠮᠦᠰ ᠢ | ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠶᠢᠰᠦᠨ ᠪᠠᠭ᠎ᠠ ᠲᠠᠯᠠᠪᠤᠷ︾ ᠵᠡᠷᠭᠡ ᠭᠤᠣᠯᠳᠠᠯᠭ᠎ᠠ ᠲᠠᠢ ᠣᠷᠣᠨ | ᠪᠠᠶᠢᠷᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ | ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠶ ᠬᠡᠷᠡᠭᠵᠢᠭᠦᠯᠵᠦ᠂ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠪᠣᠯᠤᠨ ︽ | ᠠᠷᠪᠠᠨ ᠨᠢᠭᠡ︾ ᠶᠢᠨ ᠬᠤᠪᠢᠰᠬᠠᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ | ᠬᠡᠷᠡᠭᠲᠡᠢ᠃ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠨᠢᠭᠡᠳᠦᠭᠡᠷ ᠵᠠᠰᠠᠭ ᠤᠨ ᠠᠮᠵᠢᠯᠲᠠ ᠪᠣᠯᠭᠠᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ | ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠵᠠᠢ᠃ | | | | | ᠬᠤᠷᠠᠯ ᠠᠴᠠ ᠪᠠᠰᠠ ᠪᠠᠶᠠᠷ ᠤᠨ ᠡᠳᠦᠷ ᠠᠴᠠ ᠡᠮᠦᠨᠡᠬᠢ ᠴᠡᠷᠢᠭ ᠡᠯᠰᠡᠬᠦ ᠤᠬᠠᠭᠤᠯᠭ᠎ᠠ᠂ ᠡᠷᠦᠬᠡ ᠶᠢᠨ | ᠴᠡᠷᠢᠭ ᠤᠨ ᠳᠠᠶᠢᠨ ᠳᠤ ᠪᠡᠯᠡᠳᠬᠡᠯ ᠤᠨ ᠵᠢᠵᠢᠭᠦᠷ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ | ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ | ᠪᠥᠭᠡᠳ ᠪᠠᠶᠠᠷ ᠤᠨ ᠡᠳᠦᠷ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠭᠤᠯᠤᠮᠵᠢ ᠥᠷᠨᠢᠭᠦᠯᠵᠡᠢ᠃ | | |