ᠦ᠋ ᠢ ᠵᠡᠭᠡᠯᠢ ᠪᠦᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/23
        ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 22 ᠤᠨ ᠡᠳᠦᠷ᠂ᠤᠯᠠᠭᠠᠨᠬᠤᠲᠠ ᠶᠢᠨ  ᠦ᠋ ᠢ ᠵᠡᠭᠡᠯᠢ ᠪᠦᠬᠦ ᠺᠠᠳ᠋ᠷ ᠠᠵᠢᠯᠲᠠᠨ ᠤ ᠬᠤᠷᠠᠯ ᠬᠤᠷᠠᠯᠳᠤᠭᠤᠯᠪᠠ᠃ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃
640 (2).jpg
        ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠴᠠᠭᠠᠨ ᠰᠠᠷ᠎ᠠ ᠠᠴᠠ ᠡᠮᠦᠨᠡᠬᠢ ᠠᠷᠢᠭᠤᠨ ᠴᠢᠬᠡᠴᠢ ᠶᠢᠨ ᠰᠠᠨᠠᠭᠤᠯᠤᠮᠵᠢ ᠥᠷᠨᠢᠭᠦᠯᠵᠡᠢ᠃ ᠡᠭᠦᠨ ᠤ ᠬᠠᠮᠲᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠢᠵᠢᠭᠦᠷᠯᠡᠨ ᠰᠠᠬᠢᠬᠤ᠂ ᠠᠷᠢᠭᠤᠨ ᠴᠢᠬᠡᠴᠢ ᠪᠠᠷ ᠰᠠᠬᠢᠯᠭ᠎ᠠ ᠪᠠᠲᠤ ᠶᠢ ᠰᠠᠬᠢᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠠᠭᠠᠨ ᠰᠠᠷ᠎ᠠ ᠶᠢᠨ ᠲᠣᠬᠤᠨᠢᠭᠤᠯᠭ᠎ᠠ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
640.jpg
        ᠬᠤᠷᠠᠯ ᠠᠴᠠ᠄ ᠨᠢᠭᠡ ᠳᠤ᠂ ᠤᠷᠢᠳᠴᠢᠯᠠᠨ ᠰᠡᠳᠬᠢᠵᠦ ᠲᠥᠯᠥᠪᠵᠢᠭᠦᠯᠵᠦ᠂ ᠡᠬᠢᠯᠡᠯᠲᠡ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠡᠶᠢᠭᠡᠮ ᠲᠣᠭᠤᠷᠢᠭ ᠤᠨ ᠬᠢᠨ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠪᠠᠷ ᠲᠣᠬᠢᠶᠠᠯ ᠪᠣᠯᠭᠠᠵᠤ᠂ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠮᠣᠭᠠᠢ ᠵᠢᠯ ᠢᠶᠠᠨ ᠤᠭᠲᠤᠬᠤ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠂ ᠭᠤᠣᠯᠳᠠᠯᠭ᠎ᠠ ᠲᠠᠢ ᠠᠵᠢᠯ ᠲᠦᠷᠦᠯ ᠳᠤ ᠴᠢᠭᠯᠡᠭᠦᠯᠦᠨ ᠦᠷᠭᠦᠯᠵᠢᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠱᠠᠯᠠᠪᠳᠠᠭᠤᠯᠤᠨ ᠪᠠᠶᠢᠴᠠᠭᠠᠵᠤ᠂ ᠬᠦᠴᠢᠷ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠰᠥᠨᠢ ᠶᠢᠨ ᠠᠮᠤᠷ ᠲᠥᠪᠰᠢᠨ ᠢ ᠬᠠᠮᠠᠭᠠᠯᠠᠬᠤ ᠴᠠᠭᠳᠠᠨ ᠪᠠᠶᠢᠴᠠᠭᠠᠯᠲᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠭᠤᠷᠪᠠ ᠳᠤ᠂ ᠵᠢᠵᠢᠭᠦᠷᠯᠡᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠢᠵᠢᠭᠦᠷᠯᠡᠬᠦ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠨᠡᠪᠲᠡᠷᠡᠭᠦᠯᠭᠡ ᠶᠢᠨ ᠰᠠᠭᠠᠳ ᠥᠬᠡᠶ ᠨᠡᠪᠲᠡᠷᠡᠬᠦ ᠶᠢ ᠴᠠᠭ ᠢᠮᠠᠭᠲᠠ ᠪᠠᠲᠤᠯᠠᠵᠤ᠂ ᠠᠵᠢᠯ ᠤᠨ ᠴᠠᠭ  ᠲᠤᠬᠠᠢ ᠳᠤᠨᠢ ᠵᠣᠯᠭᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠡᠷᠪᠡ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ᠂ ᠮᠡᠳᠡᠭᠦᠯᠦᠨ ᠳᠠᠩᠰᠠᠯᠠᠭᠤᠯᠬᠤ ᠲᠦᠷᠢᠮ ᠤᠨ ᠶᠣᠰᠣᠭᠠᠷ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠲᠦᠷᠪᠡ ᠳᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠪᠥᠬᠦ ᠺᠠᠳ᠋ᠷ ᠠᠵᠢᠯᠲᠠᠨ ᠠᠵᠢᠯᠴᠢᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠰᠤᠷᠲᠠᠯ ᠤᠨ ᠬᠥᠪᠴᠢ ᠪᠠᠨ ᠴᠢᠩᠭᠠᠯᠠᠵᠤ ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠥᠬᠡᠶ ᠰᠠᠶᠢᠲᠤᠷ ᠠᠳᠬᠤᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠲᠠᠪᠤ ᠳᠤ᠂ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠴᠣᠭᠴᠠᠯᠠᠬᠤ ᠬᠡᠷᠡᠭᠲᠡᠢ᠃ ᠴᠠᠭᠠᠨ ᠰᠠᠷ᠎ᠠ ᠠᠴᠠ ᠡᠮᠦᠨ᠎ᠡ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠮ ᠳᠡᠭᠡᠷ᠎ᠡ ᠬᠤᠷᠠᠭᠰᠠᠨ ᠮᠦᠰᠦ ᠴᠠᠰᠤ ᠶᠢ ᠴᠡᠪᠡᠷᠯᠡᠵᠦ᠂ ᠡᠯᠳᠡᠪ ᠪᠣᠳᠠᠰ ᠢ ᠴᠤᠭᠯᠠᠭᠤᠯᠤᠨ ᠣᠪᠣᠭᠠᠯᠠᠵᠤ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ᠂ ᠥᠨᠴᠥᠭ ᠪᠤᠯᠤᠩ ᠦᠯᠡᠳᠡᠭᠡᠯ ᠦᠭᠡᠢ ᠪᠠᠶᠢᠴᠠᠭᠠᠯᠲᠠ ᠬᠢᠵᠦ᠂ ᠴᠡᠪᠡᠷ ᠴᠡᠮᠴᠡᠭᠡᠷ᠂ ᠰᠢᠨ᠎ᠡ ᠰᠣᠷᠭᠤᠭ᠂ ᠭᠤᠶᠢᠳᠠ ᠰᠠᠶᠢᠬᠠᠨ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠪᠠᠶᠠᠷ ᠪᠠᠶᠠᠰᠬᠤᠯᠠᠩ ᠲᠠᠢ᠂ ᠠᠷᠢᠭᠤᠨ ᠴᠡᠪᠡᠷ᠂ ᠬᠠᠶᠢᠷ᠎ᠠ ᠬᠠᠯᠠᠮᠵᠢ ᠲᠠᠢ᠂ ᠠᠮᠤᠷ ᠲᠦᠪᠰᠢᠨ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
640 (1).jpg
        ᠡᠴᠦᠰ ᠲᠤᠨᠢ᠂ ᠡᠦ ᠢ ᠵᠡᠭᠡᠯᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠯᠢᠦ ᠭᠠᠩ ᠨᠥᠬᠦᠷ ᠬᠤᠷᠠᠯ ᠳᠤ ᠣᠷᠣᠯᠴᠠᠭᠰᠠᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
640 (3).jpg
 
ᠢᠷᠡᠯᠲᠡ᠄ ᠤᠯᠠᠭᠠᠨᠬᠤᠲᠠ ᠶᠢᠨ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号