ᠲᠡᠬᠦᠯᠢᠨ ᠵᠡᠭᠡᠯᠢ ᠶᠢᠨ ᠲᠧᠩ ᠹᠸᠢ ᠨᠡᠶᠢᠭᠡᠮ ᠲᠤᠭᠤᠷᠢᠭ ᠴᠠᠭᠠᠨ ᠰᠠᠷ᠎ᠠ ᠠᠴᠠ ᠡᠮᠤᠨᠡᠬᠢ ᠲᠤᠬᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/1/23
        2025 ᠤᠨ ᠤ ᠴᠠᠭᠠᠨ ᠰᠠᠷ᠎ᠠ ᠬᠦᠷᠴᠤ ᠢᠷᠡᠬᠦ ᠪᠠᠷ᠂ ᠨᠡᠶᠢᠭᠡᠮ ᠲᠤᠭᠤᠷᠢᠭ ᠤᠨ ᠨᠠᠭᠠᠳᠤ ᠵᠠᠬ᠎ᠠ ᠶᠢᠨ ᠪᠠᠳᠤᠯᠠᠭᠠᠳᠤ ᠡᠷᠤᠬᠡ᠂ ᠵᠡᠮᠳᠡᠭᠴᠤᠳ᠂ ᠭᠠᠭᠴᠠᠭᠠᠷ ᠢᠶᠠᠨ ᠠᠮᠢᠳᠤᠷᠠᠵᠤ ᠪᠠᠶᠢᠭ᠎ᠠ ᠨᠠᠰᠤᠳᠠᠶᠢᠴᠤᠳ᠂ ᠠᠮᠢᠳᠤᠷᠠᠯ ᠬᠦᠴᠢᠷᠳᠠᠯᠳᠠᠢ ᠨᠠᠮ ᠤᠨ ᠭᠡᠰᠢᠬᠦᠨ ᠳᠤ ᠬᠠᠶᠢᠷ᠎ᠠ ᠬᠠᠯᠠᠮᠵᠢ ᠦᠵᠡᠬᠦᠯᠬᠦ ᠪᠠᠷ᠂ 1 ᠰᠠᠷ᠎ᠠ ᠶᠢᠨ 21 ᠤ ᠡᠳᠤᠷ᠂ ᠤᠯᠠᠭᠠᠨᠬᠤᠳᠠ ᠶᠢᠨ ᠲᠡᠬᠦᠯᠢᠨ ᠵᠡᠭᠡᠯᠢ ᠶᠢᠨ ᠭᠡᠷᠡᠭ ᠡᠷᠬᠢᠯᠡᠬᠦ ᠭᠠᠵᠠᠷ ᠤᠨ ᠲᠧᠩ ᠹᠸᠢ ᠨᠡᠶᠢᠭᠡᠮ ᠲᠤᠭᠤᠷᠢᠭ ᠪᠠ ᠲᠠᠭᠠᠭᠠᠴᠢᠯᠠᠨ ᠬᠤᠯᠪᠤᠭᠠᠯᠠᠭᠰᠠᠨ ᠨᠢᠭᠡᠴᠢ ᠲᠠᠢ ᠬᠠᠮᠳᠤ ᠲᠤᠬᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠪᠡ᠃        ᠲᠤᠬᠤᠨᠢᠭᠤᠯᠭ᠎ᠠ ᠶᠢᠨ ᠲᠤᠮᠳᠠ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠲᠡᠳ᠋ ᠨᠠᠷᠢᠨ ᠪᠢᠴᠢᠭ ᠤᠨ ᠲᠠᠷᠤᠭ᠎ᠠ ᠪᠤᠤ ᠯᠢᠨ ᠨᠡᠶᠢᠭᠡᠮ ᠲᠤᠭᠤᠷᠢᠭ ᠤᠨ ᠠᠬᠠᠮᠠᠳ ᠨᠠᠮ ᠤᠨ ᠭᠡᠰᠢᠬᠦᠨ᠂ ᠴᠡᠷᠢᠭ ᠠᠴᠠ ᠬᠠᠯᠠᠭᠳᠠᠭᠰᠠᠨ ᠯᠢᠥ ᠤᠪᠤᠭᠳᠤ ᠨᠠᠰᠤᠳᠠᠨ ᠢ ᠲᠤᠬᠤᠨᠢᠭᠤᠯᠵᠤ᠂ ᠨᠠᠰᠤᠳᠠᠨ ᠲᠠᠢ ᠲᠤᠳᠤᠨᠤ ᠪᠠᠷ ᠶᠠᠷᠢᠯᠴᠠᠨ᠂ ᠲᠡᠬᠦᠨ ᠤ ᠠᠮᠢᠳᠤᠷᠠᠯ ᠤᠨ ᠪᠠᠶᠢᠳᠠᠯ ᠪᠠ ᠪᠤᠳᠠᠳᠠᠢ ᠬᠦᠴᠢᠷᠳᠡᠯ ᠢ ᠨᠢ ᠬᠠᠯᠠᠮᠵᠢᠯᠠᠨ ᠠᠰᠠᠭᠤᠵᠤ᠂ ᠢᠳᠡᠪᠬᠢᠳᠠᠢ ᠠᠮᠢᠳᠤᠷᠠᠯ ᠤᠨ ᠦᠵᠡᠯᠳᠠ ᠶᠢ ᠪᠤᠢ ᠪᠤᠯᠭᠠᠨ᠂ ᠦᠷᠬᠦᠯᠵᠢᠯᠡᠨ ᠦᠯᠡᠳᠡᠪᠤᠷᠢ ᠢᠯᠴᠢ ᠪᠠᠨ ᠪᠠᠳᠠᠷᠠᠭᠤᠯᠬᠤ ᠶᠢ ᠬᠦᠰᠡᠪᠡ᠃ ᠲᠠᠷᠠᠭ᠎ᠠ ᠳᠤᠨᠢ᠂ ᠲᠠᠭᠠᠭᠠᠴᠢᠯᠠᠨ ᠬᠤᠯᠪᠤᠭᠠᠯᠠᠭᠰᠠᠨ ᠨᠢᠭᠡᠴᠢ ᠪᠠ ᠨᠡᠶᠢᠭᠡᠮ ᠲᠤᠭᠤᠷᠢᠭ ᠠᠴᠠ ᠪᠤᠳᠠᠳᠠᠢ ᠲᠠᠢ ᠪᠠᠨ ᠤᠶᠠᠯᠳᠤᠭᠤᠯᠤᠨ᠂ ᠬᠠᠮᠳᠤᠪᠠᠷ ᠪᠠᠶᠢᠭᠤᠯᠤᠨ ᠬᠠᠮᠳᠤᠪᠠᠷ ᠡᠳ᠋ᠯᠡᠬᠦ᠂ ᠦᠨᠳᠤᠰᠤᠨ ᠱᠠᠳᠤᠨ ᠤ ᠴᠡᠭᠴᠡᠯᠡᠨ ᠵᠠᠰᠠᠯᠳᠠ᠂ ᠰᠠᠭᠤᠭᠠᠯᠢ ᠠᠷᠠᠳ ᠲᠤ ᠦᠢᠯᠡᠴᠢᠯᠡᠬᠦ ᠵᠡᠷᠭᠡ ᠲᠠᠯ᠎ᠠ ᠪᠠᠷ ᠬᠦᠨᠵᠡᠭᠡᠢ ᠶᠠᠷᠢᠯᠴᠠᠭᠰᠠᠨ ᠪᠠᠶᠢᠨ᠎ᠠ᠃        ᠠᠮᠢᠳᠤᠷᠠᠯ ᠬᠦᠴᠢᠷᠳᠠᠯᠳᠠᠢ ᠠᠬᠠᠮᠠᠳ ᠨᠠᠮ ᠤᠨ ᠭᠡᠰᠢᠬᠦᠨ ᠤ ᠭᠡᠷ ᠲᠤ ᠲᠡᠬᠦᠯᠢᠨ ᠵᠡᠭᠡᠯᠢ ᠶᠢᠨ ᠭᠡᠷᠡᠭ ᠡᠷᠬᠢᠯᠡᠬᠦ ᠭᠠᠵᠠᠷ ᠤᠨ ᠺᠠᠳ᠋ᠷ ᠪᠠ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠺᠠᠳ᠋ᠷ ᠠᠴᠠ ᠠᠬᠠᠮᠠᠳ ᠨᠠᠮ ᠤᠨ ᠭᠡᠰᠢᠬᠦᠨ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠳᠠᠨᠠᠷ ᠤᠨ ᠪᠡᠶ᠎ᠠ ᠮᠠᠬᠠᠪᠤᠳ ᠤᠨ ᠪᠠᠶᠢᠳᠠᠯ ᠵᠢᠴᠢ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠶᠢ ᠨᠢ ᠤᠶᠢᠯᠠᠭᠠᠭᠰᠠᠨ ᠤ ᠬᠠᠮᠳᠤ ᠲᠠᠳᠠᠨᠠᠷ ᠲᠤ ᠴᠠᠭᠠᠨ ᠰᠠᠷ᠎ᠠ ᠶᠢᠨ ᠮᠡᠨᠳᠤᠴᠢᠯᠠᠯ ᠲᠡᠪᠰᠢᠬᠦᠯᠪᠡ᠃ ᠡᠬᠦᠨ ᠤ ᠬᠠᠮᠳᠤ᠂ ᠲᠠᠳᠠᠨᠠᠷ ᠢ ᠲᠠᠶᠢᠴᠢᠯᠠᠨ ᠲᠠᠭᠠᠭᠤᠯᠬᠤ ᠦᠢᠯᠡᠳᠤᠯ ᠢᠶᠠᠨ ᠦᠷᠬᠦᠯᠵᠢᠯᠡᠨ ᠪᠠᠳᠠᠷᠠᠭᠤᠯᠵᠤ᠂ ᠨᠡᠶᠢᠭᠡᠮ ᠲᠤᠭᠤᠷᠢᠭ ᠤᠨ ᠪᠦᠳᠤᠭᠡᠨ ᠪᠠᠶᠢᠭᠤᠯᠤᠯᠳᠠ ᠳᠤ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ ᠲᠤᠷᠠᠳᠤᠨ᠂ ᠤᠯᠠᠨ ᠲᠦᠮᠡᠨ ᠤ ᠬᠦᠰᠡᠵᠤ ᠰᠠᠨᠠᠭᠠᠰᠢᠷᠠᠵᠤ ᠪᠠᠶᠢᠭ᠎ᠠ ᠶᠢ ᠲᠠᠷᠤᠢ ᠳᠤᠨᠢ ᠲᠤᠰᠬᠠᠵᠤ᠂ ᠨᠡᠶᠢᠭᠡᠮ ᠲᠤᠭᠤᠷᠢᠭ ᠤᠨ ᠠᠵᠢᠯ ᠢ ᠦᠷᠬᠦᠯᠵᠢᠯᠡᠨ ᠬᠠᠯᠠᠮᠵᠢᠯᠠᠨ ᠲᠡᠮᠵᠢᠵᠤ᠂ ᠨᠡᠶᠢᠭᠡᠮ ᠲᠤᠭᠤᠷᠢᠭ ᠤᠨ ᠪᠦᠳᠤᠭᠡᠨ ᠪᠠᠶᠢᠭᠤᠯᠤᠯᠳᠠ ᠪᠠ ᠬᠦᠭᠵᠢᠯᠳᠠ ᠳᠤ ᠬᠤᠪᠢ ᠨᠡᠮᠡᠷᠢ ᠦᠵᠡᠬᠦᠯᠬᠦ ᠶᠢ ᠬᠦᠰᠡᠪᠡ᠃        ᠬᠢᠩᠭᠠᠨ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠡᠳᠡᠭᠡᠳ ᠤᠨ ᠬᠤᠯᠪᠤᠭᠠᠳᠤ ᠬᠤᠷᠠᠯ ᠤᠨ ᠺᠠᠳ᠋ᠷ ᠠᠵᠢᠯᠳᠠᠨ ᠠᠴᠠ ᠰᠢᠩ ᠮᠢᠩ ᠨᠡᠶᠢᠭᠡᠮ ᠲᠤᠭᠤᠷᠢᠭ ᠤᠨ ᠭᠠᠭᠴᠠᠭᠠᠷ ᠢᠶᠠᠨ ᠠᠮᠢᠳᠤᠷᠠᠵᠤ ᠪᠠᠶᠢᠭ᠎ᠠ ᠭᠤᠤ ᠤᠪᠤᠭᠳᠤ ᠨᠠᠰᠤᠳᠠᠨ ᠤ ᠬᠢᠨ ᠳᠤ ᠬᠦᠷᠴᠤ ᠲᠤᠬᠤᠨᠢᠭᠤᠯᠭ᠎ᠠ ᠬᠢᠵᠤ᠂ ᠳᠡᠷᠡ᠄ ︽ᠨᠠᠮ ᠵᠠᠰᠠᠭ ᠤᠨ ᠰᠠᠶᠢᠨ ᠢᠶᠠᠷ ᠪᠢᠳᠠ ᠤᠳᠤᠬᠠᠨ ᠤ ᠰᠠᠶᠢᠬᠠᠨ ᠠᠮᠢᠳᠤᠷᠠᠯ ᠢ ᠡᠳ᠋ᠯᠡᠯ᠎ᠠ᠃ ᠲᠠᠨᠠᠷ ᠪᠠᠰᠠ ᠨᠠᠳᠠ ᠶᠢ ᠲᠤᠬᠤᠨᠢᠭᠤᠯᠬᠤ ᠪᠠᠷ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ︾ ᠭᠡᠵᠤ ᠪᠠᠶᠠᠷᠯᠠᠨ ᠶᠠᠷᠢᠨ᠎ᠠ᠃ ᠠᠵᠢᠯᠳᠠᠨ ᠠᠴᠠ ᠭᠤᠯᠢᠷ᠂ ᠲᠤᠰᠤ ᠵᠡᠷᠭᠡ ᠶᠢ ᠬᠦᠷᠭᠡᠨ ᠦᠭᠴᠤ᠂ ᠨᠠᠰᠤᠳᠠᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠬᠦᠷᠳᠡᠭᠡᠪᠡ᠃        ᠲᠤᠰ ᠤᠳᠠᠭᠠᠨ ᠤ ᠲᠤᠬᠤᠨᠢᠭᠤᠯᠭ᠎ᠠ ᠶᠢᠨ ᠠᠵᠢᠯᠯᠠᠭ᠎ᠠ ᠨᠢ ᠲᠠᠭᠠᠭᠠᠴᠢᠯᠠᠨ ᠬᠤᠯᠪᠤᠭᠠᠯᠠᠬᠤ ᠨᠢᠭᠡᠴᠢ᠂ ᠨᠡᠶᠢᠭᠡᠮ ᠲᠤᠭᠤᠷᠢᠭ ᠪᠠ ᠰᠠᠭᠤᠭᠠᠯᠢ ᠠᠷᠠᠳ ᠤᠨ ᠬᠠᠷᠢᠴᠠᠭ᠎ᠠ ᠶᠢ ᠨᠢᠭᠳᠠᠷᠠᠭᠤᠯᠤᠨ᠂ ᠲᠤᠮᠳᠠᠳᠤ ᠶᠢᠨ ᠦᠨᠳᠤᠰᠤᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠬᠤ᠂ ᠪᠠᠶᠠᠷ ᠵᠢᠷᠭᠠᠯᠳᠠᠢ ᠪᠠᠶᠠᠷ ᠤᠨ ᠡᠳᠤᠷ ᠤᠨ ᠤᠷᠴᠢᠨ ᠢ ᠡᠬᠦᠳᠬᠦ ᠳᠤ ᠪᠠᠳᠤ ᠰᠠᠭᠤᠷᠢ ᠶᠢ ᠲᠠᠯᠪᠢᠭᠰᠠᠨ ᠪᠠᠶᠢᠨ᠎ᠠ᠃ ︵ᠴᠤᠯᠮᠤᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号