ᠪᠥᠬᠦ ᠠᠶᠢᠮᠠᠭ ᠲᠤ ᠨᠡᠶᠢᠲᠡ 1385 ᠰᠠᠶᠢᠨ ᠲᠤᠷ᠎ᠠ ᠶᠢᠨ ᠦᠢᠯᠡᠴᠢᠯᠡᠭᠡ ᠶᠢᠨ ᠠᠩᠬᠢ ᠲᠠᠩᠰᠠᠯᠠᠵᠦ 17.38 ᠲᠦᠮᠡᠨ ᠰᠠᠶᠢᠨ ᠲᠤᠷᠠᠴᠤᠤᠯ ᠲᠠᠢ ᠪᠤᠯᠪᠠ
ᠨᠡᠶᠢᠲᠡᠯᠡᠭᠰᠡᠨ ᠴᠠᠭ᠄
2025/1/24
        ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠦ᠂ ᠬᠦᠮᠦᠨ ᠪᠦᠬᠦᠨ ᠰᠠᠶᠢᠨ ᠲᠤᠷ᠎ᠠ ᠶᠢᠨ ᠦᠢᠯᠡᠴᠢᠯᠡᠭᠡ ᠳᠤ ᠤᠷᠤᠯᠴᠠᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠦᠯᠦᠭᠡ᠂ 2024 ᠣᠨ ᠤ 12 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠠᠴᠠ ᠪᠦᠬᠦ ᠠᠶᠢᠮᠠᠭ ᠤᠨ ᠡᠯ᠎ᠡ ᠠᠵᠢᠯ ᠲᠦᠷᠦᠯ ᠤᠨ ᠨᠢᠭᠡᠴᠢ᠂ ᠰᠠᠶᠢᠨ ᠲᠤᠷ᠎ᠠ ᠶᠢᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠰᠠᠶᠢᠨ ᠲᠤᠷᠠᠴᠤᠤᠯ ᠢ ᠵᠤᠬᠢᠶᠠᠨ ᠪᠠᠶᠢᠭᠤᠯᠵᠦ᠂ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠶ᠎ᠡ︾ ᠭᠡᠬᠦ ᠰᠠᠶᠢᠨ ᠲᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ᠃        ᠪᠦᠬᠦ ᠠᠶᠢᠮᠠᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠢᠳᠡᠪᠬᠢᠲᠡᠢ ᠴᠤᠤᠷᠢᠶᠠᠲᠤᠨ ᠲᠠᠭᠠᠵᠦ᠂ ᠦᠳᠲᠡᠷ ᠲᠦᠷᠭᠡᠨ ᠬᠥᠳᠡᠯᠦᠯᠴᠡᠪᠡ᠃ ᠬᠢᠩᠭᠠᠨ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠤᠯᠠᠭᠠᠨ ᠵᠠᠭᠠᠯᠮᠠᠶᠢᠲᠠᠨ ᠤ ᠰᠠᠶᠢᠨ ᠲᠤᠷᠠᠴᠤᠤᠯ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠯ ᠥᠷᠨᠢᠭᠦᠯᠪᠡ︔ ᠬᠢᠩᠭᠠᠨ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠥᠪ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠᠱᠢᠵᠠᠢ ᠪᠠᠯᠭᠠᠰᠤᠨ ᠳᠤ ᠬᠦᠷᠴᠦ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠥᠷᠨᠢᠭᠦᠯᠪᠡ︔ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ ᠠᠴᠠ ᠤᠯᠠᠭᠠᠨᠬᠤᠲᠠ ᠶᠢᠨ ᠾᠧ ᠵᠠᠨ ᠪᠠᠭ᠎ᠠ ᠰᠤᠷᠭᠠᠭᠤᠯᠢ᠂ ᠬᠢᠩᠭᠠᠨ ᠠᠶᠢᠮᠠᠭ ᠤᠨ ᠰᠢᠶᠠᠩ ᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠯᠠᠭᠤᠴᠤᠳ ᠤᠨ ᠰᠠᠶᠢᠨ ᠲᠤᠷᠠᠴᠤᠤᠯ ᠤᠨ ᠨᠡᠶᠢᠭᠡᠮᠯᠢᠭ ᠲᠠᠢ ᠬᠠᠮᠳᠤᠷᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠲᠠᠶᠢᠯᠤᠮᠵᠢ ᠬᠢᠪᠡ ᠁ ᠡᠯ᠎ᠡ ᠬᠤᠰᠢᠭᠤ ᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠠᠰᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠢᠴᠡᠳ ᠲᠠᠶᠢᠴᠢᠯᠠᠵᠠᠢ᠃ ᠨᠠᠮ ᠤᠨ ᠭᠡᠰᠢᠭᠦᠨ ᠺᠠᠳ᠋ᠷᠴᠤᠳ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠬᠥᠳᠡᠭᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠵᠡᠷᠭᠡ ᠶᠢ ᠦᠷᠨᠢᠬᠦᠯᠪᠡ᠃ ᠡᠭᠦᠨ ᠤ ᠬᠠᠮᠲᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠦᠰᠢᠭᠯᠡᠨ᠂ ᠰᠢᠨ᠎ᠡ ᠪᠠᠷ ᠠᠵᠢᠯ ᠤᠯᠤᠭᠰᠠᠨ ᠬᠦᠮᠦᠰ᠂ ᠭᠠᠭᠴᠠᠭᠠᠷ ᠢᠶᠠᠨ ᠰᠠᠭᠤᠭ᠎ᠠ ᠨᠠᠰᠤᠳᠠᠨ ᠪᠠ ᠬᠦᠴᠢᠷᠳᠡᠯ ᠳᠤ ᠲᠤᠯᠭᠠᠷᠠᠭᠰᠠᠨ ᠬᠡᠤᠭᠡᠳ ᠵᠡᠷᠭᠡ ᠪᠠᠷ ᠭᠤᠤᠯᠳᠠᠯᠭ᠎ᠠ ᠪᠤᠯᠭᠠᠵᠦ᠂ ᠠᠵᠢᠯ ᠣᠯᠭᠤᠯᠲᠠ ᠶᠢᠨ ᠵᠢᠯᠣᠭᠤᠳᠣᠯᠭ᠎ᠠ᠂ ᠬᠠᠤᠯᠢ ᠴᠠᠭᠠᠵᠠ ᠶᠢᠨ ᠤᠬᠠᠭᠤᠯᠭ᠎ᠠ᠂ ᠠᠮᠢᠳᠤᠷᠠᠯ ᠤᠨ ᠬᠠᠷᠠᠭᠠᠯᠵᠠᠯ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠪᠡ᠃ 2024 ᠣᠨ ᠤ 12 ᠰᠠᠷ᠎ᠠ ᠶᠢᠨ 28 ᠤ ᠡᠳᠦᠷ ᠪᠣᠯᠲᠠᠯ᠎ᠠ᠂ ᠪᠥᠬᠦ ᠠᠶᠢᠮᠠᠭ ᠤᠨ ᠬᠢᠨ ᠨᠡᠶᠢᠲᠡ ᠮᠢᠩᠭ᠎ᠠ ᠰᠢᠬᠠᠮ ᠲᠠᠯᠠᠪᠤᠷ ︵ᠤᠳᠠᠭ᠎ᠠ︶ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠵᠦ᠂ ᠲᠦᠮᠡ ᠰᠢᠬᠠᠮ ᠰᠠᠶᠢᠨ ᠲᠤᠷᠠᠴᠤᠤᠯ ᠣᠷᠣᠯᠴᠠᠵᠠᠶ᠃        ᠤᠢᠢᠷ᠎ᠠ ᠶᠢᠨ ᠵᠢᠯ ᠠᠴᠠ ᠨᠠᠭᠠᠰᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠮᠳᠦ ᠶᠢᠨ ᠴᠢᠷᠮᠠᠶᠢᠯᠭ᠎ᠠ ᠪᠠᠷ᠂ ᠬᠢᠩᠭᠠᠨ ᠠᠶᠢᠮᠠᠭ ᠤᠨ ᠤᠯᠠᠨ ᠲᠦᠮᠡᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠤᠬᠠᠮᠰᠠᠷ ᠲᠠᠰᠤᠷᠠᠯᠳᠡ ᠦᠭᠡᠢ ᠲᠡᠬᠡᠭᠰᠢᠯᠠᠵᠥ᠂ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾᠂ ︽ᠭᠡᠷ ᠤᠨ ᠡᠭᠦᠳᠡᠨ ᠳᠠᠬᠢ ᠵᠣᠭᠤᠭ ᠤᠨ ᠠᠩᠬᠢ︾ ᠵᠡᠷᠭᠡ ᠨᠢᠭᠡ ᠪᠦᠯᠦᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠴᠣᠯᠭᠤᠷᠠᠨ ᠭᠠᠷᠴᠠᠢ᠃ ᠣᠲᠣᠬᠠᠨ ᠪᠣᠯᠲᠠᠯ᠎ᠠ᠂ ᠪᠥᠬᠦ ᠠᠶᠢᠮᠠᠭ ᠲᠤ ᠨᠡᠶᠢᠲᠡ 1385 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠳᠠᠩᠰᠠᠯᠠᠵᠤ᠂ 17.38 ᠲᠦᠮᠡᠨ ᠰᠠᠶᠢᠨ ᠲᠤᠷᠠᠴᠤᠤᠯ ᠲᠠᠢ ᠪᠤᠯᠵᠦ᠂ ᠪᠥᠬᠦ ᠠᠷᠠᠳ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠵᠠᠩᠰᠢᠯ ᠲᠠᠢ ᠪᠣᠯᠤᠭᠰᠠᠨ ᠪᠠᠶᠢᠨ᠎ᠠ᠃ ︵ᠴᠢᠤᠢ ᠯᠧ ᠭᠤᠸᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号