ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠪᠠᠶᠢᠴᠠᠭᠠᠯᠲᠠ ᠥᠷᠨᠢᠭᠦᠯᠵᠦ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/1/24
        ᠴᠠᠭᠠᠨ ᠰᠠᠷ᠎ᠠ ᠣᠶᠢᠷᠠᠳᠬᠤ ᠪᠠᠷ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠲᠤᠰᠬᠠᠢ ᠪᠠᠶᠢᠴᠠᠭᠠᠯᠲᠠ ᠬᠢᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠪᠦᠬᠦ ᠬᠦᠴᠦᠨ ᠢᠶᠠᠷ ᠬᠠᠮᠠᠭᠠᠯᠠᠨ᠎ᠠ᠃ 
640.jpg
        ᠤᠯᠠᠭᠠᠨᠬᠤᠲᠠ ᠶᠢᠨ ᠬᠢᠩᠭᠠᠨ ᠵᠠᠬ᠎ᠠ ᠳᠡᠯᠭᠡᠭᠦᠷ ᠲᠤ ᠬᠦᠷᠬᠦ ᠳᠤ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠳ ᠵᠠᠬ᠎ᠠ ᠳᠡᠯᠭᠡᠭᠦᠷ ᠤᠨ ᠳᠣᠲᠣᠷᠠᠬᠢ ᠤᠰᠤᠨ ᠭᠠᠷᠤᠯᠲᠠ᠂ ᠠᠮᠤ ᠲᠣᠰᠣ ᠵᠡᠷᠭᠡ ᠢᠳᠡᠭᠡᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠬᠤᠲᠠ ᠶᠢᠨ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃        ︽ᠬᠤᠳᠠᠯᠳᠤᠭᠠᠴᠢᠨ ᠪᠣᠯᠤᠭᠰᠠᠨ ᠤ ᠬᠤᠪᠢ ᠳᠤ᠂ ᠪᠢᠳᠡ ᠢᠮᠠᠭᠲᠠ ᠬᠡᠷᠡᠭᠯᠡᠭᠴᠢᠳ ᠲᠤ ᠴᠢᠨᠠᠷ ᠰᠠᠶᠢᠲᠠᠶ ᠲᠠᠸᠠᠷ ᠪᠠ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠷᠭᠦᠯᠵᠢᠯᠡᠨ ᠴᠢᠩᠭ᠎ᠠ ᠵᠢᠷᠤᠮᠯᠠᠨ᠂ ᠬᠤᠳᠠᠯᠳᠤᠵᠤ ᠪᠠᠶᠢᠭ᠎ᠠ ᠲᠠᠸᠠᠷ ᠨᠢᠭᠡᠪᠦᠷᠢ ᠴᠥᠮ ᠤᠯᠤᠰ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠵᠤ᠂ ᠬᠡᠷᠡᠭᠯᠡᠭᠴᠢᠳ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠬᠡᠷᠡᠭᠯᠡᠭᠦᠯᠦᠨ᠎ᠡ ︾ ᠭᠡᠵᠦ ᠬᠢᠩᠭᠠᠨ ᠵᠠᠬ᠎ᠠ ᠳᠡᠯᠭᠡᠭᠦᠷ ᠤᠨ ᠬᠤᠳᠠᠯᠳᠤᠭᠠᠴᠢᠨ ᠡᠷᠦᠬᠡ ᠦ᠋ ᠳ᠋ᠢ ᠬᠡᠯᠡᠪᠡ᠃        ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠨ᠎ᠠ᠃ ᠤᠯᠠᠭᠠᠨᠬᠤᠲᠠ ᠶᠢᠨ ᠸᠠᠨ ᠳ᠋ᠠ ᠠᠭᠤᠳᠠᠮ ᠲᠠᠯᠠᠪᠠᠶ ᠳᠤ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠳ ᠶᠠᠭ ᠴᠠᠬᠢᠯᠭᠠᠨ ᠱᠠᠲᠤ ᠨᠢ ᠪᠦᠲᠦᠮᠵᠢᠲᠡᠶ ᠰᠢᠯᠭᠠᠨ ᠪᠠᠶᠢᠴᠠᠭᠠᠬᠤ ᠦᠶᠡᠯᠡᠯ ᠤᠨ ᠬᠤᠭᠤᠴᠠᠭᠠᠨ ᠳᠤ ᠪᠠᠶᠢᠬᠤ ᠡᠰᠡᠬᠦ᠂ ᠠᠮᠤᠷ ᠲᠦᠪᠰᠢᠨ ᠤ ᠠᠵᠢᠯᠯᠠᠭᠠᠨ ᠤ ᠪᠠᠶᠢᠳᠠᠯ ᠨᠢ ᠰᠠᠶᠢᠨ ᠡᠰᠡᠬᠦ᠂ ᠬᠡᠷᠡᠭᠯᠡᠬᠦ ᠨᠢᠭᠡᠴᠢ ᠨᠢ ᠴᠠᠬᠢᠯᠭᠠᠨ ᠱᠠᠲᠤ ᠶᠢᠨ ᠡ᠊ᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠭᠰᠠᠨ ᠡᠰᠡᠬᠦ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠴᠠᠬᠢᠯᠭᠠᠨ ᠱᠠᠲᠤ ᠶᠢᠨ ᠠᠵᠢᠯᠯᠠᠭᠠᠨ ᠤ ᠲᠦᠭᠰᠢᠭᠦᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃
640 (1).jpg
        ︽ᠪᠢᠳᠡ ᠡᠨᠡ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 26 ᠬᠥᠮᠦᠨ ᠤᠳᠠᠭ᠎ᠠ ᠬᠥᠳᠡᠯᠭᠡᠵᠦ᠂ 67 ᠴᠠᠬᠢᠯᠭᠠᠨ ᠱᠠᠲᠤᠨ ᠰᠠᠨ ᠪᠠᠶᠢᠴᠠᠭᠠᠯᠲᠠ ᠬᠢᠵᠦ᠂ ᠴᠠᠬᠢᠯᠭᠠᠨ ᠱᠠᠲᠤ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠲᠦᠮᠵᠢᠲᠡᠶ ᠪᠠᠲᠤᠯᠠᠪᠠ᠂ ᠪᠢᠳᠡ ᠪᠠᠰᠠ ᠴᠠᠬᠢᠯᠭᠠᠨ ᠱᠠᠲᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠴᠠᠬᠢᠯᠭᠠᠨ ᠱᠠᠲᠤ ᠬᠡᠷᠡᠭᠯᠡᠬᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ︾ ᠭᠡᠵᠦ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠢᠶᠠᠨ ᠵᠢᠶᠤᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ ᠤᠨ ᠠᠵᠢᠯᠲᠠᠨ ᠵᠠᠩ ᠳ᠋ᠠ ᠸᠧᠶ ᠬᠡᠯᠡᠪᠡ᠃
640 (2).jpg
        ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ᠃ ᠡᠭᠦᠨ ᠤ ᠬᠠᠮᠲᠤ ᠪᠠᠰᠠ ᠬᠡᠷᠡᠭᠯᠡᠭᠴᠢᠳ ᠲᠤ ᠪᠠᠷᠠᠭ᠎ᠠ ᠬᠤᠳᠠᠯᠳᠤᠨ ᠠᠪᠤᠭᠰᠠᠨ ᠵᠢᠵᠢᠭ ᠪᠢᠯᠧᠲ᠂ ᠪᠠᠷᠢᠮᠲᠠ ᠵᠡᠷᠭᠡ ᠪᠠᠷᠠᠭ᠎ᠠ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠪᠠᠨ ᠰᠠᠶᠢᠲᠤᠷ ᠬᠠᠮᠢᠶᠠᠷᠴᠤ᠂ ᠬᠡᠷᠡᠭᠯᠡᠭᠡᠨ ᠤ ᠵᠢᠭᠤᠷᠠᠯᠳᠤᠭᠠᠨ ᠭᠠᠷᠤᠮᠠᠭᠴᠠ 12315 ᠪᠤᠶᠤ 12345 ᠳᠤ ᠤᠲᠠᠰᠤᠳᠠᠵᠤ ᠡᠷᠬᠡ ᠠᠰᠢᠭ ᠢᠶᠠᠨ ᠬᠠᠮᠠᠭᠠᠯᠠᠵᠤ ᠪᠣᠯᠬᠤ ᠶᠢ ᠰᠠᠨᠠᠭᠤᠯᠵᠤ ᠪᠠᠶᠢᠨ᠎ᠠ᠃    
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号