ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/24
        1 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠬᠤᠷᠠᠯᠳᠤᠪᠠ᠃        ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠳᠤᠷᠢᠳᠤᠯᠭ᠎ᠠ ᠮᠠ ᠮᠧᠩ᠂ ᠯᠢ ᠱᠢ ᠬᠠᠢ᠂ ᠭᠧᠩ ᠴᠧᠩ ᠨᠠᠷ ᠬᠤᠷᠠᠯ ᠳᠤ ᠣᠷᠣᠯᠴᠠᠵᠠᠢ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠭᠦᠸᠧ ᠴᠢᠶᠠᠩ ᠬᠤᠷᠠᠯ ᠢ ᠡᠷᠭᠢᠯᠡᠪᠡ᠃        ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯᠤᠨ ᠬᠢᠩᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠭᠤᠤ ᠶᠡᠭᠡ ᠦᠢᠯᠡᠳᠦᠯᠭᠡ ᠮᠥᠨ᠂ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ ᠳᠤ ᠵᠠᠪᠠᠯ ᠶᠠᠪᠤᠬᠤ ᠵᠠᠮ ᠮᠥᠨ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠵᠡᠯ ᠰᠠᠨᠠᠭᠠᠨ ᠤ ︽ᠶᠡᠷᠦᠩᠬᠡᠢ ᠨᠡᠭᠡᠭᠡᠯᠭᠡ︾ ᠶᠢ ᠦᠨᠡᠨ ᠬᠦ ᠴᠢᠩᠭᠠᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠤᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠠᠢ᠃        ᠬᠤᠷᠠᠯ ᠠᠴᠠ᠂ ᠪᠦᠬᠦ ᠬᠤᠳᠠ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠯᠬᠠᠭᠠᠨ ᠰᠢᠢᠳᠬᠡᠬᠦ ᠰᠦᠷ ᠬᠦᠴᠦᠨ᠂ ᠲᠦᠷᠢᠮ ᠤᠨ ᠬᠢᠵᠠᠭᠠᠷᠯᠠᠯ᠂ ᠤᠬᠠᠮᠰᠠᠷ ᠢᠶᠠᠨ ᠳᠡᠭᠡᠭᠰᠢᠯᠡᠭᠦᠯᠬᠦ ᠲᠠᠯ᠎ᠠ ᠪᠠᠷ ᠨᠢᠭᠡ ᠴᠤᠬᠴᠠᠵᠢᠭᠤᠯᠤᠨ ᠬᠦᠴᠦᠯᠡᠵᠦ᠂ ᠡᠭᠦᠷᠢᠳᠡ ᠵᠤᠬᠰᠤᠰᠢ ᠦᠭᠡᠢ ᠪᠠᠶᠢᠬᠤ ᠬᠠᠳᠠᠨ ᠵᠣᠷᠢᠭ ᠪᠣᠯᠤᠨ ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢ ᠡᠷᠡᠰ ᠴᠢᠩᠳᠠᠯᠠᠵᠤ᠂ ᠴᠠᠭᠳᠠᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠢᠯᠵᠠᠷᠠᠯ ᠢ ᠵᠡᠷᠭᠡᠪᠡᠷ ᠪᠠᠶᠢᠴᠠᠭᠠᠨ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠢᠯᠵᠠᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠮᠦᠷᠦᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠪᠤᠯᠵᠤ᠂ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃        ᠯᠢ ᠭᠦᠸᠧ ᠴᠢᠶᠠᠩ ᠤᠯᠠᠭᠠᠨᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠪᠥᠬᠦ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠤᠯᠠᠭᠠᠨᠬᠤᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号