ᠶᠠᠩ ᠵᠢᠢ ᠫᠧᠩ ᠴ᠊​‍ᠠᠭᠠᠨ ᠰᠠᠷ᠎ᠠ ᠠᠴᠠ ᠡᠮᠦᠨ᠎ᠡ ᠡᠷᠬᠢᠨ ᠦᠵᠡᠵᠦ ᠲᠣᠬᠤᠨᠢᠭᠤᠯᠬᠤ ᠶᠢᠨ ᠬᠠᠮᠲᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠪᠣᠯᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/24
        ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠠᠶᠢᠮᠠᠭ᠂ ᠬᠤᠳᠠ ᠶᠢᠨ ᠤᠳᠤᠷᠢᠳᠤᠯᠭ᠎ᠠ ᠶᠠᠩ ᠵᠢᠢ ᠫᠧᠩ᠂ ᠭᠤᠸᠠᠨ ᠹᠧᠩ᠂ ᠯᠢᠦ ᠶᠢᠨ ᠪᠥᠸᠧ ᠨᠡᠷ ᠴᠠᠭᠠᠨ ᠰᠠᠷ᠎ᠠ ᠠᠴᠠ ᠡᠮᠦᠨᠡᠬᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠠᠵᠤ ᠠᠬᠤᠶᠢᠯᠠᠯ ᠢᠶᠠᠷ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠵᠠᠢ᠃        ᠶᠠᠩ ᠵᠢᠢ ᠫᠧᠩ ᠨᠠᠷ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠧᠦ ᠸᠧᠨ ᠹᠧᠩ ᠤᠨ ᠭᠡᠷ ᠲᠤ ᠬᠦᠷᠴᠦ᠂ ᠲᠡᠭᠦᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠲᠤ ᠠᠬᠠᠮᠠᠳ ᠺᠠᠳ᠋ᠷᠴᠤᠳ ᠤᠨ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃        ᠱᠧᠩᠯᠢ ᠵᠡᠭᠡᠯᠢ ᠶᠢᠨ ᠦᠷᠳᠡᠭᠡᠨ ᠡᠮᠦᠨᠡᠬᠢ ᠨᠡᠶᠢᠭᠡᠮ ᠲᠣᠭᠤᠷᠢᠭ ᠲᠤ᠂ ᠶᠠᠩ ᠵᠢᠢ ᠫᠧᠩ ᠨᠡᠶᠢᠭᠡᠮ ᠲᠣᠭᠤᠷᠢᠭ ᠤᠨ ᠠᠵᠢᠯᠲᠠᠳ ᠤᠨ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠴᠠᠭᠠᠨ ᠰᠠᠷ᠎ᠠ ᠶᠢᠨ ᠬᠤᠭᠤᠴᠠᠭᠠᠨ ᠳᠤ ᠤᠯᠠᠨ ᠢᠶᠠᠷ ᠢᠶᠠᠨ ᠬᠠᠷᠢᠶ᠎ᠠ ᠣᠷᠣᠨ ᠤ ᠪᠠᠨ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠪᠡ᠃        ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠢᠩᠭᠠᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ᠂ ᠵᠢᠩ ᠶᠧ ᠪᠦᠯᠦᠭᠯᠡᠯ ᠤᠨ ᠤᠯᠠᠭᠠᠨᠬᠤᠲᠠ ᠪᠣᠯᠣᠳ ᠲᠡᠮᠦᠷ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠵᠡᠷᠭᠡ ᠭᠤᠤᠯᠯᠠᠭᠴᠢ ᠠᠵᠤ ᠠᠬᠤᠶᠢᠯᠠᠯ ᠢ ᠲᠣᠬᠤᠨᠢᠭᠤᠯᠬᠤ ᠳᠠᠭᠠᠨ᠂ ᠶᠠᠩ ᠵᠢᠶ ᠫᠧᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠠᠵᠤ ᠠᠬᠤᠶᠢᠯᠠᠯ ᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠪᠠᠲᠤᠯᠠᠬᠤ᠂ ᠬᠠᠩᠭᠠᠯᠭ᠎ᠠ ᠶᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠯᠠᠭᠠᠯᠠᠭ᠎ᠠ ᠶᠢᠨ ᠢᠨᠵᠧᠨᠧᠷᠢᠩ ᠳᠤ ᠦᠷᠭᠦᠯᠵᠢᠯᠡᠨ ᠬᠦᠴᠦ ᠨᠡᠮᠡᠷᠢᠯᠡᠵᠦ᠂ ᠪᠣᠯᠣᠳ ᠲᠡᠮᠦᠷ ᠤᠨ ᠦᠢᠯᠡᠳᠬᠡᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠴᠢᠳᠠᠪᠤᠷᠢ ᠪᠠᠨ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠳᠡᠭᠡᠳᠦ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠷ ᠤᠯᠠᠭᠠᠨᠬᠤᠲᠠ ᠶᠢᠨ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃        ᠶᠠᠩ ᠵᠢᠢ ᠫᠧᠩ ᠨᠠᠷ ᠪᠠᠰᠠ ᠰᠢᠨ ᠢ ᠱᠧᠩ ᠫᠤᠤᠵᠢᠩ ᠡᠵᠡᠩᠨᠡᠨ ᠪᠣᠷᠣᠯᠠᠭᠤᠯᠬᠤ ᠭᠠᠵᠠᠷ᠂ ᠧᠦ ᠶᠠ ᠬᠤᠳᠠᠯᠳᠤᠭᠠᠨ ᠤ ᠲᠥᠪ ᠤᠨ ᠴᠢᠯᠦᠭᠡᠲᠦ ᠳᠡᠯᠭᠡᠭᠦᠷ ᠢᠶᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠶᠠᠩ ᠵᠢᠢ ᠫᠧᠩ᠂ ᠠᠶᠤᠯᠭᠦᠢ ᠦᠢᠯᠡᠳᠪᠦᠷᠢᠯᠡᠯ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠮ ᠰᠣᠭᠤᠭ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠤᠯᠠᠨ ᠲᠦᠮᠡᠨ ᠤ ᠤᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠡᠯ᠎ᠡ ᠲᠦᠷᠦᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠶᠠᠰᠤ ᠴᠢᠨᠠᠷ ᠰᠠᠶᠢᠨ᠂ ᠲᠦᠷᠦᠯ ᠵᠦᠢᠯ ᠤᠯᠠᠨ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠰᠡᠳᠬᠢᠯ ᠲᠠᠯᠪᠢᠨ ᠰᠠᠶᠢᠲᠤᠷ ᠪᠠᠲᠤᠯᠠᠵᠤ᠂ ᠥᠷᠭᠡᠨ ᠤᠯᠠᠨ ᠬᠤᠳᠠ ᠶᠢᠨ ᠠᠷᠠᠳ ᠤᠨ ᠪᠠᠶᠠᠷ ᠬᠦᠷ ᠲᠠᠢ ᠡᠶ᠎ᠡ ᠨᠠᠶᠢᠷᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号