| | ᠲᠤᠮᠳᠠᠲᠦ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠤᠶᠤᠯ ᠢ ᠤᠯᠠᠮᠵᠢᠯᠠᠨ ᠪᠠᠳᠠᠷᠠᠭᠤᠯᠵᠦ᠂ | ᠴᠠᠭᠠᠨ ᠰᠠᠷ᠎ᠠ ᠪᠠᠨ ᠪᠠᠶᠠᠷ ᠬᠦᠷ ᠲᠠᠢ ᠤᠬᠳᠤᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠤᠯᠠᠮ ᠢᠯᠡᠭᠦᠦ | ᠦᠳᠭᠡᠷᠡᠭᠦᠯᠵᠦ᠂ ᠺᠠᠳ᠋ᠷ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠬᠤ ᠪᠠᠷ 1 ᠰᠠᠷ᠎ᠠ ᠶᠢᠨ | 11 ᠤ ᠡᠳᠦᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ | ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠰᠢᠨ᠎ᠡ ᠵᠢᠯ ᠤᠨ | ᠰᠤᠶᠤᠯ ᠤᠷᠠᠯᠢᠭ ᠤᠨ ᠠᠵᠢᠯᠯᠠᠭ᠎ᠠ ᠶᠠᠪᠤᠬᠳᠠᠭᠤᠯᠪᠠ᠃ ᠪᠥᠬᠦ ᠪᠠᠯᠭᠠᠰᠤᠨ ᠤ ᠺᠠᠳ᠋ᠷ ᠣᠯᠠᠨ ᠲᠦᠮᠡᠨ ᠨᠢᠭᠡ | ᠲᠠᠩᠬᠢᠮ ᠳᠤ ᠴᠤᠭᠯᠠᠷᠠᠵᠤ᠂ ᠰᠢᠨ᠎ᠡ ᠵᠢᠯ ᠤᠨ ᠪᠠᠶᠠᠷ ᠪᠠᠭᠠᠳᠤᠯ ᠤᠨ ᠳᠤᠮᠳᠠ ᠰᠣᠭᠲᠣᠭᠤᠷᠠᠵᠤ᠂ ᠭᠤᠶᠢᠳᠠ ᠰᠠᠶᠢᠬᠠᠨ | ᠲᠣᠭᠯᠠᠯᠲᠠ ᠶᠢ ᠬᠠᠮᠲᠤ ᠪᠠᠷ ᠰᠣᠨᠢᠷᠬᠠᠵᠤ᠂ ᠰᠢᠨ᠎ᠡ ᠵᠢᠯ ᠬᠦᠷᠴᠦ ᠢᠷᠡᠭᠰᠡᠨ ᠢ ᠬᠠᠮᠲᠤ ᠪᠠᠷ ᠪᠡᠯᠭᠡᠯᠡᠪᠡ᠃ | | | | | ᠠᠵᠢᠯᠯᠠᠭ᠎ᠠ ᠨᠢ ᠠᠭᠤᠳᠠᠮ ᠲᠠᠯᠠᠪᠠᠢ ᠶᠢᠨ ᠪᠦᠵᠢᠭ ᠤᠨ ᠲᠤᠮᠳᠠ ᠬᠦᠰᠢᠭᠡ ᠪᠠᠨ ᠰᠡᠭᠦᠵᠦ᠂ ᠦᠵᠡᠭᠴᠢ | ᠤᠯᠠᠨ ᠤ ᠬᠠᠯᠠᠭᠤᠨ ᠠᠯᠠᠭ᠎ᠠ ᠲᠠᠰᠢᠯᠲᠠ ᠶᠢ ᠬᠦᠷᠳᠡᠪᠠ᠃ ᠲᠤᠬᠯᠠᠯᠲᠠ ᠳᠤ ᠪᠠᠰᠠ ᠭᠤᠴᠤᠯᠠᠯ ᠳᠠᠭᠤᠤ ︽ᠠᠮᠢᠨ | ᠨᠤᠲᠤᠭ︾᠂ ᠳᠥᠷᠪᠡᠨ ᠤᠲᠠᠰᠤᠲᠤ ᠬᠤᠭᠤᠷ ᠤᠨ ᠬᠦᠭᠵᠢᠮ ︽ᠮᠣᠷᠢ ᠤᠷᠤᠯᠳᠤᠬᠤ︾᠂ ᠮᠣᠷᠢᠨ ᠬᠤᠭᠤᠷ ᠤᠨ | ᠬᠦᠭᠵᠢᠮ ︽ᠴᠠᠭᠠᠨ ᠰᠠᠷ᠎ᠠ︾᠂ ᠪᠥᠵᠢᠭ ︽ᠲᠠᠯ᠎ᠠ ᠨᠤᠲᠤᠭ︾᠂ ︽ᠰᠢᠨᠡᠯᠡᠶ᠎ᠡ︾ ᠵᠡᠷᠭᠡ ᠭᠤᠶᠢᠳᠠ ᠰᠠᠶᠢᠬᠠᠨ | ᠲᠣᠭᠯᠠᠯᠲᠠ ᠶᠢ ᠲᠤᠬᠢᠷᠠᠭᠤᠯᠵᠦ᠂ ᠲᠠᠯ᠎ᠠ ᠨᠤᠲᠤᠭ᠂ ᠬᠦᠮᠦᠨ ᠠᠷᠡᠳ᠂ ᠪᠠᠶᠢᠭᠠᠯᠢ ᠤᠷᠴᠢᠨ ᠢᠶᠠᠨ ᠮᠠᠬᠳᠠᠨ | ᠳᠠᠭᠤᠯᠠᠵᠦ᠂ ᠬᠤᠷᠠᠬᠰᠠᠨ ᠪᠦᠬᠦᠨ ᠤ ᠬᠠᠷᠠᠭ᠎ᠠ ᠰᠤᠨᠤᠷ ᠢ ᠪᠠᠶᠠᠰᠬᠠᠵᠠᠢ᠃ ᠠᠵᠢᠯᠯᠠᠭ᠎ᠠ ᠳᠤ ᠭᠤᠶᠢᠳᠠ ᠰᠠᠶᠢᠬᠠᠨ | ᠤᠷᠠᠨ ᠰᠠᠶᠢᠬᠠᠨ ᠤ ᠲᠣᠭᠯᠠᠯᠲᠠ ᠭᠠᠷᠭᠠᠬᠰᠠᠨ ᠢᠶᠠᠷ ᠪᠠᠷᠠᠬᠤ ᠦᠭᠡᠢ ᠰᠣᠨᠢᠷᠬᠠᠯᠲᠠᠢ ᠵᠢᠵᠢᠭ ᠲᠣᠭᠯᠠᠭᠠᠮ᠂ | ᠮᠡᠳᠡᠯᠭᠡ ᠶᠢᠨ ᠤᠷᠤᠯᠳᠤᠭᠠᠨ᠂ ᠬᠤᠤᠰ ᠤᠶᠠᠩᠭ᠎ᠠ ᠪᠢᠴᠢᠬᠦ᠂ ᠴᠠᠭᠠᠰᠦᠨ ᠬᠠᠶᠢᠴᠢᠯᠠᠮᠠᠯ ᠬᠠᠶᠢᠴᠢᠯᠠᠬᠤ᠂ ᠪᠠᠩᠰᠢ | ᠪᠠᠷᠢᠬᠤ ᠵᠡᠷᠭᠡ ᠠᠵᠢᠯᠯᠠᠭ᠎ᠠ ᠶᠢ ᠲᠤᠬᠢᠷᠠᠭᠤᠯᠵᠦ᠂ ᠤᠯᠠᠨ ᠢᠶᠠᠷ ᠢᠶᠠᠨ ᠢᠳᠡᠪᠬᠢᠲᠡᠢ ᠣᠷᠣᠯᠴᠠᠵᠤ ᠲᠤᠬᠠᠶ ᠶᠢᠨ | ᠲᠠᠯᠠᠪᠠᠶ ᠶᠢᠨ ᠠᠭᠤᠷ ᠠᠮᠢᠰᠬᠤᠯ ᠢ ᠪᠠᠶᠠᠷ ᠬᠦᠷ ᠢᠶᠠᠷ ᠪᠢᠯᠬᠠᠭᠤᠯᠵᠦ᠂ ᠬᠥᠮᠦᠨ ᠨᠢᠭᠡᠪᠦᠷᠢ ᠳᠤ ᠰᠢᠨ᠎ᠡ ᠵᠢᠯ ᠤᠨ ᠪᠠᠶᠠᠷ | ᠪᠠᠶᠠᠰᠤᠯ ᠪᠠ ᠠᠮᠢᠵᠢᠷᠠᠯ ᠤᠨ ᠬᠦᠴᠦᠨ ᠢ ᠮᠡᠳᠡᠷᠡᠭᠦᠯᠪᠡ᠃ | | | | | ᠡᠨᠡ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠬᠰᠠᠨ ᠢᠶᠠᠷ ᠪᠠᠷᠠᠬᠤ ᠦᠭᠡᠢ ᠤᠯᠠᠮᠵᠢᠯᠠᠯᠲᠤ ᠠᠷᠠᠳ ᠤᠨ ᠤᠷᠠᠯᠢᠭ ᠢ ᠣᠯᠠᠨ ᠲᠦᠮᠡᠨ ᠤ ᠳᠤᠮᠳᠠ | ᠦᠨᠳᠦᠰᠦᠯᠡᠭᠦᠯᠵᠦ᠂ ᠰᠢᠨ᠎ᠠ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ ᠢ ᠦᠳᠭᠡᠷᠡᠭᠦᠯᠵᠦ᠂ ᠴᠠᠭᠠᠨ ᠰᠠᠷ᠎ᠠ ᠪᠠᠨ | ᠪᠠᠶᠠᠷ ᠪᠠᠶᠠᠰᠦᠯᠲᠠᠢ ᠦᠡᠭᠭᠡᠷᠡᠬᠦᠯᠬᠦ ᠳᠤ ᠴᠢᠬᠤᠯᠠ ᠤᠶᠢᠯᠡᠳᠦᠯ ᠦᠵᠡᠭᠦᠯᠵᠠᠢ᠃ | ᠪᠤᠶᠠᠨᠳᠡᠯᠭᠡᠷ ᠯᠢᠶᠠᠩ ᠽᠢ ᠵᠢᠩ ᠰᠡᠭᠦᠳᠡᠷᠯᠡᠨ ᠮᠡᠳᠡᠭᠡᠯᠡᠪᠠ | |