| | 1 ᠰᠠᠷ᠎ᠠ ᠶᠢᠨ 24 ᠤ ᠡᠳᠦᠷ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ | ᠤᠯᠠᠭᠠᠨᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠯᠢ ᠱᠢ ᠬᠠᠶ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳ᠋ᠢᠶᠠᠨ᠂ ᠯᠦᠸᠧ ᠶᠠᠨ ᠬᠤᠩ᠂ ᠵᠢᠶᠠᠩ ᠬᠤᠩ ᠵᠢᠶᠦ᠋ᠨ ᠵᠢᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠤᠷᠠᠯ ᠳᠤ | ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠬᠤᠲᠠ ᠶᠢᠨ ᠲᠡᠳ᠋ ᠲᠠᠷᠤᠭ᠎ᠠ ᠭᠤᠸᠠᠨ ᠹᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ | ᠬᠤᠷᠢᠶᠠᠨ ᠤ ᠱᠦᠵᠢ ᠵᠠᠩ ᠴᠢᠤᠸᠠᠨ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠢᠦᠶ ᡁᠢ ᠴᠢᠶᠠᠩ | ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠢᠦᠶ ᠵᠣᠣ ᠬᠤᠸᠠ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠵᠠᠶ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠡᠳ᠋ ᠤᠨ | ᠵᠠᠰᠠᠭ ᠤᠨ ᠲᠣᠪᠴᠢᠶᠠᠨ ᠤ ᠳᠠᠷᠤᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠶᠦᠨ ᠯᠢᠩ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ | ︽ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠣᠰ ᠱᠠᠲᠤᠨ ᠤ ᠳᠣᠤᠷ᠎ᠠ ᠬᠠᠭᠠᠰ | ᠵᠢᠯ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠲᠤᠬᠠᠶ ᠮᠡᠳᠡᠭᠦᠯᠦᠯᠲᠡ︾ ︵ᠲᠥᠰᠦᠯ︶ ᠬᠢᠪᠠ᠃ | ᠬᠤᠷᠠᠯ ᠠᠴᠠ ︽ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠡᠰᠡᠭ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ︾᠂ ︽ | ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ ᠲᠣᠰ ᠱᠠᠲᠤᠨ ᠤ ᠳᠣᠤᠷ᠎ᠠ ᠬᠠᠭᠠᠰ | ᠵᠢᠯ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠵᠦ | ᠪᠠᠲᠤᠯᠠᠪᠠ᠃ | |