ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/26
      1 ᠰᠠᠷ᠎ᠠ ᠶᠢᠨ 24 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠪᠡ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳᠦᠭᠡᠷ ᠬᠢᠨᠠᠯᠲᠠ ᠲᠠᠯᠪᠢᠵᠤ ᠪᠠᠶᠢᠴᠠᠭᠠᠬᠤ ᠲᠠᠰᠤᠭ ᠤᠨ ᠡᠷᠬᠢᠯᠡᠭᠴᠢ ᠸᠠᠩ ᠵᠢᠶᠦ᠋ᠨ ᠷᠦᠩ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠨᠢᠭᠡᠳᠦᠭᠡᠷ ᠳᠤᠭᠤᠶᠢᠯᠠᠩ ᠤᠨ ᠳᠡᠳ᠋ ᠲᠢᠩᠬᠢᠮ ᠤᠨ ᠲᠡᠰ ᠤᠨ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠵᠠᠩ ᠸᠧᠨ ᠵᠢᠶᠦ᠋ᠨ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠺᠠᠩ ᠵᠢᠶᠠᠨ ᠮᠢᠨ᠂ ᠬᠤᠳᠠ ᠶᠢᠨ ᠤᠳᠤᠷᠢᠳᠤᠯᠭ᠎ᠠ ᠯᠢ ᠱᠢ ᠬᠠᠢ᠂ ᠭᠧᠩ ᠴᠧᠩ ᠬᠤᠷᠠᠯ ᠳᠤ ᠰᠤᠯᠠ ᠣᠷᠣᠯᠴᠠᠪᠠ᠃      ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠯᠴᠠᠨ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠰᠡᠳᠬᠢᠯ ᠤᠨ ᠦᠭᠡ ᠪᠠᠨ ᠨᠠᠷᠢᠨ ᠬᠢᠨᠠᠮᠠᠭᠠᠶ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠠ ᠬᠤᠪᠢ ᠬᠥᠮᠦᠨ ᠤ ᠶᠠᠷᠢᠶᠠᠨ ᠤ ᠲᠤᠪᠴᠢᠯᠠᠯ ᠢᠶᠠᠨ ᠴᠢᠨᠠᠷ ᠰᠠᠶᠢᠲᠠᠶ ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠶ᠃      ᠬᠤᠷᠠᠯ ᠠᠴᠠ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠶᠠᠩ ᠵᠢᠢ ᠫᠧᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠬᠤᠭᠤᠷᠣᠨᠳᠣᠬᠢ ᠰᠢᠭᠦᠮᠵᠢᠯᠡᠯ ᠳᠤ ᠱᠠᠭᠠᠷᠳᠠᠯᠭ᠎ᠠ ᠳᠤᠷᠠᠳᠤᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠤᠰᠤᠳ ᠪᠠᠶᠢᠩᠭᠤ ᠶᠢᠨ ᠭᠡᠰᠢᠭᠦᠳ ᠨᠢᠭᠡᠳ ᠨᠢᠭᠡ ᠪᠠᠷ ᠬᠤᠪᠢ ᠬᠥᠮᠦᠨ  ᠤ  ᠬᠠᠷᠢᠴᠠᠭᠤᠯᠤᠨ ᠪᠠᠶᠢᠴᠠᠭᠠᠯᠳᠠ ᠬᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠪᠡ᠃       ᠶᠠᠩ ᠵᠢᠢ ᠫᠧᠩ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠢ ᠬᠡᠷᠡᠭᠯᠡᠵᠦ᠂ ︽ᠤᠯᠤᠰ ᠲᠦᠷᠦ ᠶᠢᠨ ᠭᠤᠷᠪᠠᠨ ᠬᠦᠴᠦᠨ︾ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠠᠪᠤᠨ ᠶᠡᠭᠡ ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠢᠷᠭᠤᠭᠠᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠢᠷᠭᠤᠭᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠪᠤᠨ ᠨᠢᠭᠡᠳᠦᠭᠡᠷ ᠢ ᠰᠠᠶᠢᠳᠤᠷ ᠬᠢᠵᠤ᠂ ᠭᠤᠷᠪᠠᠨ ᠣᠷᠴᠢᠨ ᠲᠣᠭᠤᠷᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠵᠤ ᠳᠤᠮᠳᠠ ᠲᠦᠪᠰᠢᠨ ᠳᠤ ᠣᠷᠣᠬᠤ ᠳᠤ ᠤᠯᠠᠭᠠᠨᠬᠤᠲᠠ ᠶᠢᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠢᠯᠵᠠᠷᠠᠯ ᠤᠨ ᠦᠵᠡᠯ ᠰᠠᠨᠠᠭ᠎ᠠ ᠪᠠ ᠢᠯᠵᠠᠷᠠᠯ ᠤᠨ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠢᠮᠠᠭᠲᠠ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢᠶᠠᠨ ᠪᠠᠲᠤᠯᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠨᠡᠶᠢᠭᠡᠮ ᠤᠨ ᠬᠡᠪ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ ᠭᠡᠵᠦ ᠴᠢᠬᠤᠯᠠᠴᠢᠯᠠᠪᠠ᠃ 
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号