ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠤ ᠭᠡᠷ ᠲᠤ ᠣᠴᠢᠵᠤ᠄ ᠲᠠ ᠨᠠᠷ ᠤᠨ ᠬᠦᠰᠡᠯ ᠲᠠᠷᠤᠢ ᠪᠢᠳᠡᠨ ᠤ ᠬᠦᠰᠡᠯ ᠮᠥᠨ
ᠨᠡᠶᠢᠲᠡᠯᠡᠭᠰᠡᠨ ᠴᠠᠭ᠄
2025/1/26
    22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠯᠢᠶᠣᠤᠨᠢᠩ ᠤᠨ ᠬᠤ᠋ ᠯᠦ ᠳ᠋ᠤᠤ ᠬᠤᠲᠠ ᠶᠢᠨ ᠰᠦᠢ ᠵᠥᠩ ᠰᠢᠶᠠᠨ ᠤ ᠵᠦ ᠵᠢᠶᠠ ᠭᠸᠦ ᠲᠣᠰᠬᠤᠨ ᠳᠤ ᠬᠦᠷᠴᠦ᠂ ᠨᠢᠳᠤᠨᠤᠨ ᠤ ᠦᠶᠡᠷ ᠤᠨ ᠭᠠᠮᠰᠢᠭ ᠤᠨ ᠳᠠᠷᠠᠭᠠᠬᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠰᠡᠷᠭᠦᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠣᠶᠢᠯᠠᠭᠠᠪᠠ᠃ ᠲᠣᠰᠬᠤᠨ ᠤ ᠠᠷᠠᠳ ᠸᠠᠩ ᠪᠦᠦ ᠸᠧᠶ ᠶᠢᠨ ᠭᠡᠷ ᠲᠤ᠂ ᠰᠢ ᠶᠢᠨ ᠫᠢᠩ ᠭᠡᠷ ᠤᠨ ᠳᠣᠲᠣᠨ᠎ᠠ ᠭᠠᠳᠠᠨ᠎ᠠ᠂ ᠭᠡᠷ ᠪᠠᠶᠢᠰᠢᠩ ᠤᠨ ᠪᠦᠲᠦᠴᠡ ᠪᠠ ᠶᠠᠰᠤ ᠴᠢᠨᠠᠷ ᠢ ᠨᠠᠷᠢᠨ ᠪᠠᠶᠢᠴᠠᠭᠠᠨ ᠦᠵᠡᠵᠦ᠂ ᠨᠢᠭᠡ ᠭᠡᠷ ᠤᠨ ᠬᠥᠮᠦᠰ ᠲᠠᠢ ᠨᠢ ᠵᠣᠭᠤᠭᠳᠠᠵᠤ᠂ ︽ᠭᠡᠷ ᠪᠠᠶᠢᠰᠢᠩ ᠤᠰᠤᠨ ᠳᠤ ᠳᠡᠪᠲᠦᠭᠡᠳ ᠬᠡᠳᠦᠢ ᠶᠠᠭᠤᠮ᠎ᠠ ᠬᠤᠬᠢᠷᠠᠭᠰᠠᠨ︾᠂ ︽ᠰᠢᠨ᠎ᠡ ᠭᠡᠷ ᠪᠠᠷᠢᠬᠤ ᠳᠤ ᠵᠠᠰᠠᠭ ᠤᠨ ᠣᠷᠳᠣᠨ ᠬᠡᠳᠦᠢ ᠨᠥᠬᠦᠪᠦᠷᠢᠯᠡᠵᠦ᠂ ᠥᠪᠡᠷ ᠢᠶᠠᠨ ᠬᠡᠳᠦᠢ ᠵᠠᠷᠤᠴᠠᠭᠤᠯᠪᠠ︾᠂ ︽ᠭᠡᠷ ᠪᠦᠯᠢ ᠶᠢᠨ ᠣᠷᠣᠯᠭ᠎ᠠ ᠨᠢ ᠭᠤᠣᠯᠳᠠᠭᠤ ᠶᠠᠭᠤᠨ ᠳᠤ ᠲᠦᠰᠢᠭᠯᠡᠳᠡᠭ︾᠂ ︽ᠵᠠᠯᠠᠭᠤᠴᠤᠳ ᠬᠠᠮᠢᠭ᠎ᠠ ᠠᠵᠢᠯᠯᠠᠵᠤ ᠪᠠᠶᠢᠬᠤ︾ ᠶᠢ ᠬᠠᠯᠠᠮᠵᠢᠯᠠᠨ ᠠᠰᠠᠭᠤᠪᠠ᠃ ᠸᠠᠩ ᠪᠦᠦ ᠸᠧᠢ ᠰᠡᠳᠬᠢᠯ ᠳᠣᠭᠳᠣᠯᠤᠮ᠎ᠠ ᠪᠠᠷ ᠶᠡᠷᠦᠩᠬᠡᠢ ᠱᠦᠵᠢ ᠳᠤ᠂ ᠡᠶᠢᠮᠦ ᠠᠭᠤᠵᠢᠭᠤ ᠭᠡᠷ ᠲᠤ ᠡᠳᠦᠢ ᠲᠦᠷᠭᠡᠨ ᠰᠠᠭᠤᠵᠤ ᠳᠡᠶᠢᠯᠦᠨ᠎ᠡ ᠭᠡᠵᠦ ᠪᠣᠳᠣᠵᠤ ᠣᠯᠤᠭᠰᠠᠨ ᠦᠭᠡᠢ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ ᠪᠠᠶᠢᠨ᠎ᠠ ᠭᠡᠵᠡᠢ᠃ ᠰᠢ ᠶᠢᠨ ᠫᠢᠩ᠂ ᠠᠷᠠᠳ ᠲᠦᠮᠡᠨ ᠢ ᠳᠡᠭᠡᠳᠦᠯᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠬᠤ ᠪᠣᠯ ᠨᠠᠮ ᠪᠠ ᠵᠠᠰᠠᠭ ᠤᠨ ᠣᠷᠳᠣᠨ ᠤ ᠬᠢᠪᠡᠰᠦ ᠵᠣᠬᠢᠬᠤ ᠶᠠᠪᠤᠳᠠᠯ ᠶᠤᠮ᠃ ᠲᠠ ᠨᠠᠷ ᠤᠨ ᠬᠦᠰᠡᠯ ᠳᠠᠷᠤᠢ ᠪᠢᠳᠡᠨ ᠤ ᠬᠦᠰᠡᠯ ᠮᠥᠨ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠵᠣᠯ ᠵᠢᠷᠭᠠᠯᠲᠤ ᠠᠮᠢᠳᠤᠷᠠᠯ ᠢᠶᠠᠨ ᠨᠡᠩ ᠰᠠᠶᠢᠬᠠᠨ ᠥᠩᠭᠡᠷᠡᠭᠡᠶ᠎ᠡ ᠭᠡᠪᠡ᠃ ︵ᠦᠰᠦᠭ ᠪᠢᠴᠢᠭ ᠤᠨ ᠰᠤᠷᠪᠤᠯᠵᠢᠯᠠᠭᠴᠢ᠄ ᠵᠠᠩ ᠰᠢᠶᠤᠤ ᠰᠦᠩ᠂ ᠵᠦ ᠵᠢᠢ ᠴᠠᠢ᠂ ᠭᠡᠷᠡᠯ ᠵᠢᠷᠤᠭ ᠤᠨ ᠰᠤᠷᠪᠤᠯᠵᠢᠯᠠᠭᠴᠢ᠄ ᠰᠢᠶᠧ ᠬᠤᠸᠠᠨ ᡂᠢ᠂ ᠳ᠋ᠢᠩ ᠬᠠᠢ ᠲᠤᠤ︶
受难群众1.jpg
受难群众3.jpg
受难群众2.jpg
 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号