| ︽ᠮᠠᠰᠢᠨ ᠲᠡᠷᠭᠡ ᠶᠢ ︿ᠬᠠᠭᠤᠴᠢᠨ ᠢᠶᠠᠷ ᠰᠢᠨ᠎ᠡ ᠶᠢ ᠰᠤᠯᠢᠬᠤ﹀ ᠲᠦᠷᠦ ᠶᠢᠨ ᠪᠤᠳᠤᠯᠭ᠎ᠠ ᠶᠢ ᠨᠡᠶᠢᠳᠡᠯᠡᠭᠰᠡᠨ ᠤ | ᠲᠠᠷᠠᠭ᠎ᠠ ᠪᠢ ᠭᠡᠷ ᠤᠨ ᠬᠦᠮᠦᠰ ᠲᠠᠢ ᠪᠠᠨ ᠶᠠᠷᠢᠯᠴᠠᠨ ᠰᠢᠨ᠎ᠡ ᠡᠨᠧᠷᠬᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ | ᠪᠠᠶᠢᠨ᠎ᠠ᠂ ᠤᠤᠯ ᠤᠨ ᠦᠨ᠎ᠡ ᠨᠢ 11 ᠲᠦᠮᠡᠨ ᠲᠦᠭᠦᠷᠢᠭ ᠤᠷᠴᠢᠮ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ | 9 ᠲᠦᠮᠡ ᠭᠠᠷᠤᠶ ᠲᠥᠭᠦᠷᠢᠭ ᠵᠠᠷᠤᠴᠠᠭᠤᠯᠤᠭᠠᠳ ᠬᠤᠳᠠᠯᠳᠤᠨ ᠠᠪᠴᠠᠢ᠂ ᠪᠠᠷᠤᠭ 2 ᠲᠦᠮᠡᠨ ᠲᠥᠭᠦᠷᠢᠭ ᠤᠨ | ᠨᠥᠬᠦᠪᠥᠷᠢ ᠣᠯᠤᠭᠰᠠᠨ ᠪᠠᠶᠢᠨ᠎ᠠ᠂ ᠡᠨᠡᠬᠦ ᠲᠦᠷᠦ ᠶᠢᠨ ᠪᠤᠳᠤᠯᠭ᠎ᠠ ᠦᠨᠡᠭᠡᠷ ᠰᠠᠶᠢᠨ︾ ᠭᠡᠵᠦ ᠬᠢᠩᠭᠠᠨ ᠠᠶᠢᠮᠠᠭ ᠤᠨ | ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠢᠤᠢ ᠮᠤᠩ ᠬᠠᠨ ᠪᠠᠶᠠᠷᠳᠠᠢ ᠬᠡᠯᠡᠨ᠎ᠠ᠃ | ᠬᠢᠩᠭᠠᠨ ᠠᠶᠢᠮᠠᠭ ᠮᠠᠰᠢᠨ ᠲᠡᠷᠭᠡᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠦᠷᠦ ᠶᠢᠨ ᠪᠤᠳᠤᠯᠭ᠎ᠠ ᠶᠢ | ᠨᠡᠶᠢᠳᠡᠯᠡᠭᠰᠡᠨ ᠤ ᠲᠠᠷᠠᠭ᠎ᠠ ᠮᠠᠰᠢᠨ ᠲᠡᠷᠭᠡᠨ ᠤ ᠵᠠᠬ᠎ᠠ ᠲᠡᠯᠬᠡᠭᠦᠷ ᠮᠠᠰᠢ ᠬᠦᠭᠵᠢᠶᠡᠨᠳᠡᠢ ᠪᠤᠯᠵᠦ᠂ ᠪᠤᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠡᠨᠧᠷᠬᠢ ᠶᠢᠨ ᠮᠠᠰᠢᠨ ᠲᠡᠷᠭᠡ ᠬᠡᠷᠡᠭᠯᠡᠭᠴᠢᠳ ᠤᠨ | ᠬᠦᠷᠢᠶᠡᠯᠡᠯ ᠢ ᠤᠯᠪᠠ᠃ | ︽ᠮᠠᠨ ᠤ ᠳᠡᠯᠭᠡᠭᠦᠷ 5 ᠰᠠᠷ᠎ᠠ ᠠᠴᠠ ᠡᠬᠢᠯᠡᠨ ︿ᠬᠠᠭᠤᠴᠢᠨ ᠢᠶᠠᠷ ᠰᠢᠨ᠎ᠡ ᠶᠢ ᠰᠣᠯᠢᠬᠤ﹀ ᠨᠦᠬᠦᠪᠦᠷᠢ | ᠤᠯᠭᠤᠬᠤ ᠠᠵᠢᠯᠯᠠᠭ᠎ᠠ ᠳᠤ ᠤᠷᠤᠯᠴᠠᠵᠦ᠂ ᠨᠦᠬᠦᠪᠦᠷᠢ ᠮᠦᠩᠬᠦ ᠶᠢ 1.2 ᠲᠦᠮᠡᠨ ᠲᠦᠭᠦᠷᠢᠭ ᠠᠴᠠ 2 ᠲᠦᠮᠡᠨ | ᠲᠦᠭᠦᠷᠢᠭ ᠪᠤᠯᠭᠠᠨ ᠨᠡᠮᠡᠭᠳᠡᠬᠦᠯᠵᠦ᠂ ᠮᠠᠰᠢᠨ ᠲᠡᠷᠭᠡᠨ ᠤ ᠰᠠᠷ᠎ᠠ ᠶᠢᠨ ᠪᠤᠷᠤᠯᠠᠭᠤᠯᠭ᠎ᠠ ᠶᠢᠨ ᠬᠡᠮᠵᠢᠶ᠎ᠡ 80 ᠰᠠᠤᠷᠢ | ᠪᠠᠶᠢᠭᠰᠠᠨ ᠠᠴᠠ 200 ᠰᠠᠤᠷᠢ ᠪᠤᠯᠵᠥ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠨᠢᠭᠡ ᠲᠠᠬᠢᠨ | ᠢᠯᠠᠭᠦᠥ ᠨᠡᠮᠡᠭᠳᠡᠪᠡ᠃ ᠮᠠᠰᠢᠨ ᠲᠡᠷᠭᠡᠨ ᠤ ᠦᠢᠯᠡᠳᠪᠦᠷᠢ ᠴᠤ ᠠᠯᠢ ᠤᠯᠠᠨ ᠮᠠᠰᠢᠨ ᠲᠡᠷᠭᠡ ᠬᠤᠳᠠᠯᠳᠤᠨ ᠠᠪᠬᠤ | ᠨᠦᠬᠦᠪᠦᠷᠢ ᠦᠭᠬᠦ ᠪᠤᠯᠵᠦ᠂ ᠣᠳᠣ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠬᠠᠮᠤᠭ | ᠤᠯᠠᠨ ᠳᠠᠭᠠᠨ 2.5 ᠲᠦᠮᠡᠨ ᠲᠦᠭᠦᠷᠢᠭ ᠤᠨ ᠨᠦᠬᠦᠪᠦᠷᠢ ᠮᠥᠩᠭᠦ ᠤᠯᠭᠤᠵᠦ ᠪᠠᠶᠢᠨ᠎ᠠ︾ ᠭᠡᠵᠦ ᠦᠪᠦᠷ | ᠮᠤᠩᠭᠤᠯ ᠤᠨ ᠵᠦᠩ ᠯᠢ ᠲᠦᠩ ᠮᠠᠰᠢᠨ ᠲᠡᠷᠭᠡ ᠪᠤᠷᠤᠯᠠᠭᠤᠯᠬᠤ ᠬᠢᠵᠠᠭᠠᠷᠳᠦ ᠺᠤᠮᠫᠠᠨᠢ ᠶᠢᠨ ᠵᠤᠤ ᠬᠤᠩ ᠯᠢᠶᠠᠩ | ᠬᠡᠯᠡᠨ᠎ᠠ᠃ | ᠮᠠᠰᠢᠨ ᠲᠡᠷᠭᠡᠨ ᠤ ᠵᠠᠬ᠎ᠠ ᠲᠡᠯᠭᠡᠬᠦᠷ ᠲᠠᠢ ᠠᠳᠠᠯᠢ ᠪᠠᠷ᠂ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠨᠢ | ᠴᠤ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠴᠢᠬᠤᠯᠠ ᠨᠢᠭᠡ ᠲᠠᠯ᠎ᠠ ᠪᠠᠶᠢᠵᠦ᠂ | ᠵᠠᠰᠠᠭ ᠤᠨ ᠤᠷᠳᠤᠨ ᠠᠴᠠ ᠬᠤᠪᠢ ᠬᠦᠮᠦᠨ ᠬᠤᠪᠴᠠᠰᠦ ᠤᠬᠢᠶᠠᠬᠤ ᠮᠠᠰᠢᠨ᠂ ᠠᠭᠠᠷ ᠲᠤᠬᠢᠷᠠᠭᠤᠯᠤᠭᠴᠢ᠂ ᠲᠧᠯᠸᠢᠰ | ᠵᠡᠷᠭᠡ 2 ᠲᠠᠰ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠠᠴᠠ ᠲᠡᠭᠡᠭᠰᠢᠬᠢ ᠨᠦᠬᠦᠴᠡᠯ ᠳᠤ | ᠨᠡᠶᠢᠴᠡᠭᠰᠡᠨ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠳᠤ ︽ᠬᠠᠭᠤᠴᠢᠨ ᠢᠶᠠᠷ ᠰᠢᠨ᠎ᠡ ᠶᠢ ᠰᠤᠯᠢᠬᠤ︾ | ᠦᠢᠯᠡᠴᠢᠯᠡᠭᠡ ᠬᠠᠩᠭᠠᠵᠦ᠂ ᠴᠠᠬᠢᠯᠭᠠᠨ ᠬᠡᠷᠡᠭᠰᠡᠯ ᠨᠢᠭᠡᠪᠦᠷᠢ ᠳᠤ ᠬᠠᠮᠤᠭ ᠤᠨ ᠦᠨᠳᠦᠷ ᠲᠡᠭᠡᠨ 2000 | ᠲᠦᠭᠦᠷᠢᠭ ᠤᠨ ᠨᠦᠬᠦᠪᠦᠷᠢ ᠦᠭᠴᠥ ᠪᠤᠢ᠃ | ᠬᠢᠩᠭᠠᠨ ᠠᠶᠢᠮᠠᠭ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠤᠯᠢᠬᠤ︾ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠠᠴᠠ ᠨᠠᠭᠠᠰᠢ᠂ ᠪᠥᠬᠦ ᠠᠶᠢᠮᠠᠭ ᠤᠨ ︽ᠬᠠᠭᠤᠴᠢᠨ ᠢᠶᠠᠷ | ᠰᠢᠨ᠎ᠡ ᠶᠢ ᠰᠤᠯᠢᠬᠤ︾ ᠠᠵᠢᠯᠯᠠᠭ᠎ᠠ ᠳᠤ ᠤᠷᠤᠯᠴᠠᠭᠰᠠᠨ ᠠᠵᠦ ᠠᠬᠤᠶᠢᠯᠠᠯ 200 ᠶᠢ ᠲᠠᠪᠠᠵᠦ᠂ ᠠᠵᠢᠯᠯᠠᠭ᠎ᠠ ᠳᠤ | ᠣᠷᠣᠯᠴᠠᠭᠰᠠᠨ ᠬᠡᠷᠡᠭᠯᠡᠭᠴᠢᠳ 3.2 ᠲᠦᠮᠡ ᠭᠠᠷᠤᠶ ᠬᠥᠮᠦᠨ ᠤᠳᠠᠭ᠎ᠠ ᠬᠦᠷᠴᠦ᠂ 8000 ᠲᠦᠮᠡᠨ | ᠲᠥᠭᠦᠷᠢᠭ ᠤᠨ ᠨᠥᠬᠦᠪᠥᠷᠢ ᠣᠯᠭᠤᠵᠤ᠂ ᠬᠡᠷᠡᠭᠯᠡᠭᠡ ᠶᠢ 6.65 ᠳ᠋ᠦᠩᠰᠢᠭᠤᠷ ᠲᠥᠭᠦᠷᠢᠭ ᠣᠷᠴᠢᠮ ᠳᠠᠶᠢᠴᠢᠯᠠᠪᠠ᠃ | ︵ᠰᠦᠨ ᠰᠢᠨ ᠢᠤᠢ ᠲᠤᠯᠭᠠᠭᠤᠷᠢ︶ |