| ᠤᠢᠢᠷ᠎ᠠ ᠳᠤ᠂ ᠷᠠᠰᠢᠶᠠᠨ ᠬᠤᠳᠠ ᠶᠢᠨ ᠲᠣᠭᠤᠷᠢᠭ ᠠᠴᠠ 40 ᠺᠢᠯᠤᠮᠧᠲᠷ ᠵᠠᠶᠢᠲᠠᠢ ᠷᠠᠰᠢᠶᠠᠨ ᠤ ᠳ᠋ᠤᠯᠠᠷ ᠤᠢ | ᠰᠢᠭᠤᠢ ᠶᠢᠨ ᠲᠠᠯᠠᠪᠠᠢ ᠳᠤ᠂ ᠤᠢ ᠰᠢᠭᠤᠢ ᠶᠢᠨ ᠮᠡᠷᠭᠡᠵᠢᠯᠳᠡᠠ ᠵᠢᠢ ᠵᠢᠤ ᠫᠧᠩ ᠶᠠᠭ ᠰᠠᠶ᠋ᠢᠬᠠᠨ ᠤᠢ ᠮᠣᠳᠣ ᠲᠠᠷᠢᠵᠤ | ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠦᠷᠦᠯ ᠵᠦᠢᠯ ᠤᠨ ᠤᠷᠳᠤ ᠬᠤᠭᠤᠴᠠᠭᠠᠨ ᠤ ᠬᠢᠨᠠᠨ ᠬᠡᠮᠵᠢᠯᠲᠡ ᠶᠢᠨ | ᠦᠯᠢᠬᠡᠷ ᠬᠡᠪ ᠠᠪᠬᠤ ᠭᠠᠵᠠᠷ ᠢ ᠪᠠᠶᠢᠷᠢᠯᠠᠭᠤᠯᠬᠤ ᠠᠵᠢᠯ ᠢ ᠬᠢᠵᠦ ᠪᠤᠢ᠃ | ︽ᠪᠢᠳᠡ ᠮᠣᠳᠣᠨ ᠤ ᠲᠥᠷᠥᠯ ᠤᠨ ᠨᠡᠷᠡᠶᠢᠳᠦᠯ᠂ ᠮᠣᠳᠣᠨ ᠤ ᠨᠠᠰᠤ᠂ ᠮᠣᠳᠣᠨ ᠤ ᠥᠨᠳᠥᠷ ᠵᠡᠷᠭᠡ ᠲᠤᠭ᠎ᠠ | ᠪᠠᠷᠢᠮᠲᠠ ᠶᠢ ᠦᠨᠳᠦᠰᠦᠯᠡᠨ᠂ ᠦᠯᠢᠭᠡᠷ ᠬᠡᠪ ᠤᠨ ᠭᠠᠵᠠᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠮᠣᠳᠣ | ᠨᠢᠭᠡᠪᠦᠷᠢ ᠳᠤ ᠨᠠᠷᠢᠯᠢᠭ ᠬᠡᠮᠵᠢᠯᠲᠡ ᠬᠢᠬᠦ ᠶᠢᠨ ᠬᠠᠮᠲᠤ ᠫᠠᠶᠢᠰᠠ ᠬᠠᠳᠠᠬᠤ ᠬᠡᠷᠡᠭᠲᠡᠶ︾ ᠭᠡᠵᠦ ᠵᠢᠢ ᠵᠢᠦ ᠫᠧᠩ | ᠲᠠᠨᠢᠯᠴᠠᠭᠤᠯᠵᠦ ᠪᠠᠶᠢᠯ᠎ᠠ᠃ | ᠬᠢᠩᠭᠠᠨ ᠠᠶᠢᠮᠠᠭ ᠠᠮᠢ ᠠᠬᠤᠶ ᠰᠠᠶᠢᠳᠠᠢ᠂ ᠡᠪᠡᠰᠦ ᠪᠡᠯᠴᠢᠭᠡᠷ ᠡᠯᠪᠡᠭ ᠪᠠᠶᠠᠯᠢᠭ ᠪᠠᠶᠢᠵᠤ᠂ ᠪᠥᠬᠦ ᠠᠶᠢᠮᠠᠭ ᠤᠨ | ᠣᠶᠢᠲᠤ ᠭᠠᠵᠠᠷ ᠤᠨ ᠲᠠᠯᠠᠪᠠᠶ 2167 ᠲᠦᠮᠡᠨ ᠮᠤ᠋ ᠳᠤ ᠬᠦᠷᠴᠦ ᠪᠤᠢ᠂ ᠡᠭᠦᠨ ᠳᠤ ᠣᠶ ᠰᠢᠭᠤᠶ ᠶᠢᠨ ᠲᠠᠯᠠᠪᠠᠶ | 2025 ᠲᠦᠮᠡᠨ ᠮᠤ᠋ ᠪᠠᠶᠢᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 26.07% ᠳᠤ ᠳᠤᠯᠵᠦ᠂ ᠤᠢ | ᠮᠣᠳᠣᠨ ᠤ ᠬᠠᠳᠠᠭᠠᠯᠠᠮᠵᠢ ᠨᠢ 0.62 ᠳ᠋ᠦᠩᠰᠢᠭᠤᠷ ᠪᠣᠰᠤᠭ᠎ᠠ ᠳᠡᠭᠰᠢ ᠳᠥᠷᠪᠡᠯᠵᠢᠨ ᠮᠧᠲᠷ᠂ ᠨᠡᠭᠡᠭᠡᠨ | ᠬᠥᠭᠵᠢᠭᠦᠯᠵᠦ ᠪᠣᠯᠬᠤ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠡᠬᠢ ᠪᠠᠶᠠᠯᠢᠭ ᠡᠯᠪᠡᠭ ᠪᠠᠶᠢᠵᠤ | ᠂ ᠭᠢᠩᠭᠠᠨ ᠠᠶᠢᠮᠠᠬ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ | ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶᠠᠨ ᠤ ᠲᠤᠷᠰᠢᠯᠲᠠ ᠶᠢᠨ ᠴᠡᠭ ᠤᠨ ᠠᠶᠢᠮᠠᠭ ᠬᠤᠲᠠ ᠪᠠ | ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠬᠢᠨᠠᠨ ᠬᠡᠮᠵᠢᠵᠦ ᠦᠨᠡᠯᠡᠨ ᠵᠢᠱᠢᠬᠦ ᠲᠤᠷᠰᠢᠯᠲᠠ ᠶᠢᠨ ᠠᠶᠢᠮᠠᠭ ᠬᠤᠲᠠ | ᠪᠣᠯᠤᠬᠰᠠᠨ ᠪᠠᠶᠢᠨ᠎ᠠ᠃ | 2023 ᠣᠨ ᠳᠤ᠂ ᠬᠢᠩᠭᠠᠨ ᠠᠶᠢᠮᠠᠭ ᠰᠢᠨ᠎ᠡ ᠶᠢ ᠡᠭᠦᠳᠬᠦ ᠪᠠᠷ ᠳᠠᠮᠵᠢᠨ ᠬᠤᠭᠤᠴᠠᠭᠠᠲᠤ ᠪᠠᠷᠠᠭᠠᠨ ᠤ | ᠬᠡᠯᠪᠡᠷᠢ ᠶᠢᠨ ᠠᠷᠠᠯᠵᠢᠶᠠᠨ ᠤ ᠵᠠᠭᠪᠤᠷ ᠢ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠤᠢ | ᠰᠢᠭᠤᠢ᠂ ᠡᠪᠡᠰᠥ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ︽ᠬᠤᠣᠰ ᠲᠦᠷᠦᠭᠦᠦ ᠲᠠᠩᠰᠠ︾ | ᠶᠢᠨ ᠠᠷᠠᠯᠵᠢᠶ᠎ᠠ ᠶᠢ ᠤᠷᠢᠳᠠᠪᠠᠷ ᠪᠡᠶᠡᠯᠡᠭᠦᠯᠵᠡᠢ᠃ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠨᠡᠭᠡᠭᠡᠨ | ᠠᠰᠢᠭᠯᠠᠯᠲᠠ ᠳᠤ ᠬᠤᠯᠪᠣᠭᠳᠠᠭᠰᠠᠨ ᠬᠦᠮᠦᠨ ᠤ ᠬᠦᠴᠦ ᠪᠠᠷ ᠤᠶᠢᠵᠢᠭᠤᠯᠤᠭᠰᠠᠨ ᠤᠢ ᠶᠢᠨ ᠲᠠᠯᠠᠪᠠᠢ 6000 ᠮᠦ᠂ | ᠨᠤᠲᠤᠭ ᠪᠡᠯᠴᠢᠭᠡᠷ ᠤᠨ ᠲᠠᠯᠠᠪᠠᠢ 64 ᠲᠦᠮᠡᠨ ᠮᠦ ᠳᠤ ᠬᠦᠷᠴᠦ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ | ᠠᠷᠠᠯᠵᠢᠶᠠᠨ ᠤ ᠬᠡᠮᠵᠢᠶ᠎ᠠ ᠨᠡᠶᠢᠳᠡ 190 ᠲᠦᠮᠡᠨ ᠲᠥᠭᠦᠷᠢᠭ ᠲᠤ ᠬᠦᠷᠴᠡᠢ᠃ | ᠡᠨᠡ ᠵᠢᠯ ᠤᠨ 10 ᠰᠠᠷ᠎ᠠ ᠳᠤ᠂ ᠬᠢᠩᠭᠠᠨ ᠠᠶᠢᠮᠠᠭ 4 ᠠᠵᠤ ᠠᠬᠤᠶᠢᠯᠠᠯ ᠲᠠᠢ ᠬᠠᠮᠲᠤᠷᠠᠨ 88 ᠲᠦᠮᠡᠨ ᠮᠦ | ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠦᠷᠦᠯ ᠵᠦᠢᠯ ᠢ ᠨᠡᠭᠡᠭᠡᠨ | ᠬᠥᠭᠵᠢᠭᠦᠯᠵᠦ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠪᠦᠬᠦ ᠣᠷᠣᠨ | ᠪᠦᠰᠡ ᠶᠢᠨ ᠨᠡᠭᠡᠭᠡᠨ ᠬᠥᠭᠵᠢᠭᠦᠯᠦᠯᠲᠡ ᠶᠢᠨ ᠰᠢᠨ᠎ᠡ ᠱᠠᠲᠤᠨ ᠳᠤ ᠵᠢᠩᠬᠢᠨᠢ ᠪᠠᠷ ᠣᠷᠣᠪᠠ᠃ ︽ᠬᠤᠯᠪᠣᠭᠳᠠᠯ ᠪᠥᠬᠦᠶ | ᠦᠨᠡᠯᠡᠨ ᠵᠢᠱᠢᠯᠲᠡ ᠶᠢ ᠦᠨᠳᠦᠰᠦᠯᠡᠪᠡᠯ᠂ 5 ᠵᠢᠯ ᠳᠤ ᠨᠢᠭᠡ ᠤᠳᠡᠭᠠᠨ ᠤ ᠬᠢᠨᠠᠨ ᠬᠡᠮᠵᠢᠯᠲᠡ ᠬᠢᠭᠦ ᠬᠤᠭᠤᠴᠠᠭᠠᠨ ᠳᠤ | ᠂ ᠬᠢᠩᠭᠠᠨ ᠠᠶᠢᠮᠠᠭ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶᠠᠨ ᠤ ᠲᠤᠭ᠎ᠠ 1 ᠳ᠋ᠦᠩᠰᠢᠭᠤᠷ | ᠲᠥᠭᠦᠷᠢᠭ ᠲᠤ ᠭᠥᠷᠭᠦ ᠪᠤᠯᠤᠨ᠎ᠠ︾ ᠭᠡᠵᠦ ᠬᠢᠨᠭ᠍ᠭᠠᠨ ᠠᠶᠢᠮᠠᠭ ᠤᠨ ᠤᠢ ᠰᠢᠭᠤᠢ ᠪᠠ ᠨᠤᠳᠤᠬ ᠪᠡᠯᠴᠢᠭᠡᠷ ᠤᠨ | ᠳᠤᠪᠴᠢᠶ᠎ᠠ ᠶᠢᠨ ᠳᠦᠷᠪᠡᠳᠦᠭᠡᠷ ᠳᠡᠰ ᠤᠨ ᠰᠢᠨᠵᠢᠯᠡᠨ ᠪᠠᠶᠢᠴᠠᠭᠠᠭᠴᠢ ᠸᠠᠩ ᠢᠦᠢ ᠸᠧᠢ ᠳᠠᠨᠢᠯᠴᠠᠭᠤᠯᠵᠦ ᠪᠠᠶᠢᠯ᠎ᠠ᠃ | ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶ᠎ᠠ ᠶᠢ ᠰᠠᠶᠢᠲᠤᠷ ᠬᠢᠬᠦ ᠶᠢᠨ ᠲᠥᠯᠥᠭᠡ᠂ ᠬᠢᠩᠭᠠᠨ | ᠠᠶᠢᠮᠠᠭ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠵᠢᠯ ᠨᠢ ᠨᠢᠭᠡ ᠬᠤᠲᠠ᠂ ᠨᠢᠭᠡ ᠭᠠᠵᠠᠷ᠂ ᠨᠢᠭᠡ | ᠶᠠᠪᠤᠳᠠᠯ ᠳᠤ ᠬᠢᠵᠠᠭᠠᠷᠯᠠᠭᠳᠠᠬᠰᠠᠨ ᠦᠭᠡᠶ᠂ ᠣᠶᠢᠵᠢᠭᠤᠯᠵᠤ ᠨᠣᠭᠤᠭᠠᠷᠠᠭᠤᠯᠬᠤ ᠬᠡᠪᠴᠢᠶ᠎ᠠ ᠶᠢ ᠥᠷᠭᠡᠳᠭᠡᠬᠦ᠂ ᠶᠠᠰᠤ | ᠴᠢᠨᠠᠷ ᠢ ᠳᠡᠭᠡᠭᠰᠢᠯᠡᠭᠦᠯᠤᠨ ᠬᠤᠷᠢᠶᠠᠯᠲᠠ ᠶᠢ ᠨᠡᠮᠡᠭᠳᠡᠭᠦᠯᠬᠦ᠂ ᠡᠬᠢ ᠪᠠᠶᠠᠯᠢᠭ ᠤᠨ ᠬᠠᠮᠠᠭᠠᠯᠠᠯᠲᠠ ᠶᠢᠨ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ᠂ ︽ᠨᠡᠭᠦᠷᠡᠰᠦᠲᠥ᠋ᠷᠥᠭᠴᠢ ᠶᠢ ᠲᠦᠭᠡᠮᠡᠯᠵᠢᠭᠦᠯᠬᠦ︾ | ᠤᠬᠠᠭᠤᠯᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠪᠠᠰᠠ | ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠬᠤ ᠪᠠᠷ | ᠳᠠᠮᠵᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠳᠦᠷᠦᠭᠴᠢ ᠶᠢ ᠬᠤᠷᠠᠮᠳᠤᠭᠤᠯᠬᠤ ᠬᠡᠷᠡᠭᠵᠢᠭᠦᠯᠬᠦ | ᠲᠥᠰᠦᠯ ᠢ ᠨᠠᠶᠢᠷᠠᠭᠤᠯᠤᠨ ᠵᠣᠬᠢᠶᠠᠵᠤ᠂ ᠤᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠳᠦᠷᠦᠭᠴᠢ ᠶᠢ | ᠬᠤᠷᠠᠮᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠢᠨᠠᠨ ᠬᠡᠮᠵᠢᠯᠲᠡ ᠶᠢ ᠥᠷᠨᠢᠭᠦᠯᠵᠦ᠂ | ᠲᠣᠭᠠᠴᠢᠯᠠᠭᠰᠠᠨ ᠤᠢ ᠰᠢᠭᠤᠢ ᠶᠢᠨ ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠶᠢᠨ ᠲᠤᠭ᠎ᠠ ᠪᠠᠷᠢᠮᠲᠠ ᠶᠢᠨ | ᠬᠥᠮᠥᠷᠭᠡ ᠪᠣᠯᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠬᠡᠮᠵᠢᠶ᠎ᠠ ᠶᠢ ᠦᠨᠡᠯᠡᠨ ᠵᠢᠱᠢᠬᠦ ᠰᠢᠰᠲ᠋ᠧᠮ ᠢ | ᠪᠠᠶᠢᠭᠤᠯᠵᠤ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠡᠯ᠎ᠡ | ᠵᠦᠢᠯ ᠤᠨ ᠲᠤᠷᠰᠢᠯᠲᠠ ᠶᠢᠨ ᠠᠵᠢᠯ ᠢ ᠲᠣᠭᠲᠠᠭᠤᠨ ᠢᠶᠠᠷ ᠠᠬᠢᠭᠤᠯᠪᠠ᠃ | ︵ᠵᠸᠦ ᠰᠢᠨ ᠢᠦᠢ ᠨᠢᠩᠵᠢᠨ︶ |